ᠲᠣᠭᠲᠠᠬᠤ ᠰᠢᠶᠠᠨ᠄ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ  ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/8/20
      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ︽ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠠᠵᠢᠯ ᠤᠨ ᠲᠦᠷᠢᠮ︾ ᠵᠢᠴᠢ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ︽ᠰᠤᠷᠤᠯᠴᠠᠬᠤ᠂ ᠬᠢᠨᠠᠬᠤ᠂ ᠬᠠᠮᠢᠶᠠᠷᠬᠤ᠂ ᠬᠡᠷᠡᠭᠯᠡᠬᠦ︾ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ ᠤᠶᠠᠯᠳᠤᠭᠤᠯᠤᠨ᠂ ᠭᠦᠨᠴᠡ᠂ ᠨᠠᠷᠢᠯᠢᠭ᠂ ᠡᠷᠴᠢᠮ᠂ ᠲᠤᠯᠠᠭᠠᠴᠠ ︽ᠳᠥᠷᠪᠡᠨ ᠲᠠᠯ᠎ᠠ︾ ᠪᠠᠷ ᠬᠦᠴᠦᠯᠡᠵᠦ᠂ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠥᠮᠦᠨ ᠰᠣᠩᠭᠤᠵᠤ ᠬᠥᠮᠦᠨ ᠬᠡᠷᠡᠭᠯᠡᠬᠦ ᠳᠤᠮᠳᠠᠬᠢ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠪᠠ᠃      ᠴᠢᠳᠠᠪᠤᠷᠢ ᠪᠠᠨ ᠳᠡᠭᠡᠭᠰᠢᠯᠡᠭᠦᠯᠬᠦ ᠶᠢ ᠠᠳᠬᠤᠵᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ︽ᠭᠦᠨᠴᠡ︾ ᠲᠠᠢ ᠪᠣᠯᠪᠠ᠃ ᠨᠠᠮᠴᠢ ᠴᠢᠨᠠᠷ ᠤᠨ ᠬᠥᠮᠦᠵᠢᠯ ᠪᠠ ᠨᠢᠭᠤᠴᠠ ᠶᠢ ᠬᠠᠮᠠᠭᠠᠯᠠᠬᠤ ᠬᠥᠮᠦᠵᠢᠯ ᠢ ᠴᠢᠩᠭᠠᠳᠬᠠᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾᠂ ︽ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠠᠵᠢᠯ ᠤᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠭᠤᠯᠵᠤ᠂ ᠲᠡᠭᠦᠨ ᠤ ᠬᠠᠷᠢᠭᠤᠴᠠᠯᠭᠠᠲᠤ ᠤᠬᠠᠮᠰᠠᠷ ᠢ ᠨᠡᠮᠡᠭᠳᠡᠭᠦᠯᠪᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠠᠵᠢᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠰᠤᠷᠤᠯᠴᠠᠯᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠭᠤᠤᠯᠯᠠᠭᠴᠢ ᠬᠦᠴᠦᠨ ᠢ ᠬᠠᠪᠰᠤᠷᠤᠨ ᠳᠠᠭᠠᠭᠤᠯᠵᠤ ᠴᠢᠳᠠᠪᠤᠷᠢ ᠪᠠᠨ ᠳᠡᠭᠡᠭᠰᠢᠯᠡᠭᠦᠯᠬᠦ ᠲᠦᠷᠢᠮ ᠢ ᠪᠠᠶᠢᠭᠤᠯᠤᠨ᠂ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ ᠵᠢᠯᠣᠭᠤᠳᠣᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠬᠡᠪ ᠪᠣᠯᠪᠠᠰᠤᠷᠠᠯ ᠢᠶᠠᠷ ᠴᠢᠩᠭ᠎ᠠ᠂ ᠲᠤᠰᠬᠠᠶ ᠮᠡᠷᠭᠡᠵᠢᠯ ᠤᠨ ᠴᠢᠳᠠᠪᠤᠷᠢ ᠪᠠᠷ ᠴᠢᠩᠭ᠎ᠠ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠨᠢᠭᠡᠨ ᠰᠠᠯᠠᠭ᠎ᠠ ᠡᠩᠨᠡᠭᠡ ᠶᠢ ᠴᠢᠷᠮᠠᠶᠢᠨ ᠪᠠᠶᠢᠭᠤᠯᠪᠠ᠃    ᠶᠠᠰᠤ ᠴᠢᠨᠠᠷ ᠢ ᠳᠡᠭᠡᠭᠰᠢᠯᠡᠭᠦᠯᠬᠦ ᠶᠢ ᠠᠳᠬᠤᠵᠤ᠂ ᠴᠢᠩᠭ᠎ᠠ ᠬᠢᠨᠠᠨ ᠬᠠᠷᠭᠤᠭᠤᠯᠤᠯᠳᠠ ᠶᠢᠨ ︽ᠨᠠᠷᠢᠯᠢᠭ︾ ᠢ ᠲᠡᠭᠡᠭᠰᠢᠯᠡᠭᠦᠯᠪᠡ᠃ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠳᠡᠪᠰᠢᠭᠦᠯᠪᠡᠯ ᠵᠠᠪᠠᠯ ᠬᠢᠨᠠᠬᠤ᠂ ᠰᠢᠯᠵᠢᠭᠦᠯᠬᠦ ᠪᠦᠬᠦᠨ ᠢ ᠵᠠᠪᠠᠯ ᠬᠢᠨᠠᠬᠤ᠂ ᠣᠷᠣᠭᠤᠯᠬᠤ ᠪᠦᠬᠦᠨ ᠢ ᠵᠠᠪᠠᠯ ᠬᠢᠨᠠᠬᠤ︾ ᠶᠢ ᠪᠠᠷᠢᠮᠲᠠᠯᠠᠵᠤ᠂ ᠶᠠᠮᠠᠷᠪᠠ ᠬᠥᠮᠦᠨ ᠭᠡᠳ ᠲᠠᠩᠰᠠ ᠡᠪᠬᠡᠮᠡᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠰᠢᠢᠳᠪᠦᠷᠢᠯᠡᠬᠦ ᠪᠤᠶᠤ ᠰᠣᠯᠢᠵᠤ ᠪᠣᠯᠬᠤ ᠥᠬᠡᠶ᠂ ᠰᠢᠨ᠎ᠡ ᠪᠠᠷ ᠭᠥᠯᠢᠶᠡᠨ ᠠᠪᠤᠭᠰᠠᠨ ᠲᠠᠩᠰᠠ ᠡᠪᠬᠡᠮᠡᠯ ᠤᠨ ᠺᠠᠳ᠋ᠷ ᠤᠨ ︽ᠭᠤᠷᠪᠠᠨ ᠨᠠᠰᠤ ᠬᠤᠶᠠᠷ ᠦᠩᠭᠡᠷᠡᠯᠳᠡ ᠨᠢᠭᠡ ᠪᠡᠶ᠎ᠡ ᠶᠢᠨ ᠭᠠᠷᠤᠯ︾ ᠤᠨ ᠣᠨᠣᠪᠴᠢᠲᠠᠶ ᠡᠰᠡᠬᠦ ᠶᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠠᠩᠬᠠᠨ ᠤ ᠬᠤᠭᠤᠴᠠᠭ᠎ᠠ ᠪᠠ ᠠᠩᠬᠠᠨ ᠤ ᠲᠡᠮᠳᠡᠭᠯᠡᠯ ᠤᠨ ᠮᠠᠲ᠋ᠧᠷᠢᠶᠠᠯ ᠢ ᠭᠦᠢᠴᠡᠳ ᠦᠨᠳᠦᠰᠦᠯᠡᠨ᠂ ᠰᠣᠬᠤᠷ ᠪᠠᠯᠠᠶ᠂ ᠳᠤᠷ᠎ᠠ ᠪᠠᠷ ᠢᠶᠠᠨ᠂ ᠨᠢᠭᠡ ᠯᠡ ᠬᠦᠰᠦᠨᠦᠭ ᠢᠶᠠᠷ ᠳ᠋ᠦᠩᠨᠡᠯᠲᠡ ᠲᠣᠭᠲᠠᠭᠠᠬᠤ ᠥᠬᠡᠶ ᠪᠠᠶᠢᠵᠤ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠤᠨ ᠪᠤᠰᠤᠳᠴᠢ᠂ ᠦᠨᠡᠨ ᠪᠣᠳᠠᠲᠠᠶ ᠪᠠᠶᠢᠬᠤ ᠶᠢ ᠦᠨᠡᠨ ᠬᠦ ᠪᠠᠲᠤᠯᠠᠵᠤ᠂ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠠᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠶ᠃ ᠮᠠᠲ᠋ᠧᠷᠢᠶᠠᠯ ᠨᠥᠬᠦᠪᠥᠷᠢᠯᠡᠬᠦ ᠴᠢᠬᠤᠯᠠᠲᠠᠶ ᠲᠣᠳᠣᠷᠬᠠᠶ ᠪᠣᠳᠠᠲᠠᠶ ᠱᠠᠭᠠᠷᠳᠠᠯᠭ᠎ᠠ ᠪᠠ ᠴᠠᠭ ᠤᠨ ᠬᠢᠵᠠᠭᠠᠷ ᠢ ᠲᠣᠳᠣᠷᠬᠠᠶ ᠪᠣᠯᠭᠠᠵᠤ᠂ ᠲᠠᠩᠰᠠ ᠡᠪᠬᠡᠮᠡᠯ ᠳᠤ ᠣᠷᠣᠭᠤᠯᠬᠤ ᠮᠠᠲ᠋ᠧᠷᠢᠶᠠᠯ ᠨᠢ ᠡᠷᠬᠡᠪᠰᠢ ᠣᠭ ᠵᠦᠢᠯ ᠪᠠᠶᠢᠵᠤ᠂ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠲᠥᠷᠥᠯ ᠬᠤᠪᠢᠶᠠᠨ ᠣᠨᠣᠪᠴᠢᠲᠠᠶ᠂ ᠡᠮᠬᠢᠯᠡᠨ ᠵᠢᠷᠤᠮᠵᠢᠭᠤᠯᠬᠤ ᠶᠢ ᠦᠨᠡᠨᠬᠦ ᠪᠠᠳᠤᠯᠠᠪᠠ᠃    ᠲᠦᠷᠢᠮ ᠤᠨ ᠬᠡᠷᠡᠭᠵᠢᠭᠦᠯᠦᠯᠲᠡ ᠶᠢ ᠠᠳᠬᠤᠵᠤ᠂ ᠬᠠᠮᠢᠶᠠᠷᠤᠯᠲᠠ ᠶᠢ ᠵᠢᠷᠤᠮᠵᠢᠭᠤᠯᠬᠤ ︽ᠡᠷᠴᠢᠮ︾ ᠢ ᠴᠢᠩᠭᠠᠷᠠᠭᠤᠯᠪᠠ᠃ ︽ᠳᠦᠷᠢᠮ︾ ᠢᠶᠠᠷ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠳᠦᠷᠢᠮ ᠤᠨ ᠪᠠᠶᠢᠭᠤᠯᠤᠯᠲᠠ ᠶᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠵᠤ᠂ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠰᠢᠯᠵᠢᠭᠦᠯᠦᠨ ᠬᠦᠷᠭᠡᠬᠦ ᠳᠦᠷᠢᠮ ᠵᠢᠴᠢ ᠪᠠᠶᠢᠴᠠᠭᠠᠨ ᠦᠵᠡᠬᠦ ︵ᠵᠢᠭᠡᠯᠡᠬᠦ︶ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠢᠭᠡᠯᠡᠬᠦ ᠳᠤ ᠭᠠᠷᠳᠠᠮ ᠲᠠᠢ ᠪᠠᠶᠢᠬᠤ᠂ ᠵᠢᠷᠤᠮ ᠨᠢ ᠬᠠᠤᠯᠢ ᠳᠤ ᠨᠡᠶᠢᠴᠡᠬᠦ᠂ ᠳᠠᠩᠰᠠ ᠡᠪᠬᠡᠮᠡᠯ ᠢ ᠪᠠᠶᠢᠴᠠᠭᠠᠬᠤ᠂ ᠵᠢᠭᠡᠯᠡᠬᠦ᠂ ᠰᠢᠯᠵᠢᠭᠦᠯᠬᠦ ᠵᠡᠷᠭᠡ ᠠᠵᠢᠯ ᠤᠨ ᠳᠤᠮᠳᠠ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ︽ᠺᠠᠳ᠋ᠷ ᠤᠨ ᠲᠠᠩᠰᠠ ᠡᠪᠬᠡᠮᠡᠯ ᠤᠨ ᠣᠷᠣᠵᠤ ᠭᠠᠷᠬᠤ ᠨᠡᠷᠡᠰ ᠤᠨ ᠳᠡᠪᠲᠡᠷ︾᠂ ︽ᠺᠠᠳ᠋ᠷ ᠤᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠭᠰᠠᠨ ᠲᠡᠮᠳᠡᠭᠯᠡᠯ ᠤᠨ ᠳᠡᠪᠲᠡᠷ︾ ᠵᠡᠷᠭᠡ ᠠᠵᠢᠯ ᠤᠨ ᠡᠬᠡ ᠲᠠᠩᠰᠠ ᠶᠢ ᠪᠠᠶᠢᠭᠤᠯᠵᠤ᠂ ᠲᠠᠩᠰᠠ ᠡᠪᠬᠡᠮᠡᠯ ᠤᠨ ᠬᠠᠮᠢᠶᠠᠷᠤᠯᠲᠠ   ᠨᠢ ᠪᠠᠶᠢᠴᠠᠭᠠᠨ ᠦᠵᠡᠬᠦ ᠳᠤ ᠲᠡᠮᠳᠡᠭᠯᠡᠯ ᠲᠠᠢ ᠪᠣᠯᠭᠠᠬᠤ᠂ ᠳᠠᠮᠵᠢᠭᠤᠯᠤᠨ ᠬᠦᠷᠭᠡᠬᠦ ᠳᠤ ᠬᠠᠷᠢᠭᠤ ᠪᠠᠷᠢᠮᠲᠠ ᠲᠠᠢ ᠪᠣᠯᠭᠠᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ︽ᠪᠥᠬᠦ ᠶᠠᠪᠤᠴᠠ ᠶᠢᠨ ᠪᠣᠳᠠᠲᠤ ᠲᠡᠮᠳᠡᠭᠯᠡᠯ︾ ᠲᠠᠢ ᠪᠠᠶᠢᠬᠤ ᠶᠢ ᠪᠡᠶᠡᠯᠡᠭᠦᠯᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃    ᠮᠡᠳᠡᠭᠡ ᠵᠠᠩᠭᠢ ᠶᠢ ᠬᠢᠨᠠᠨ ᠵᠦᠪᠰᠢᠶᠡᠷᠡᠬᠦ ᠶᠢ ᠴᠢᠩᠭ᠎ᠠ ᠠᠳᠬᠤᠵᠤ ᠦᠢᠯᠡᠴᠢᠯᠡᠭᠡ  ᠶᠢᠨ ︽ᠲᠤᠯᠠᠭᠠᠴᠠ︾ ᠶᠢ ᠰᠢᠯᠢᠳᠡᠭᠵᠢᠭᠦᠯᠪᠡ᠃ ᠦᠢᠯᠡᠴᠢᠯᠡᠭᠡᠨ ᠤ ᠣᠶᠢᠯᠠᠭᠠᠭᠳᠠᠬᠤᠨ ᠢ ᠴᠢᠩᠭᠠᠳᠬᠠᠵᠤ᠂ ᠺᠠᠳ᠋ᠷ ᠠᠵᠢᠯᠳᠠᠨ ᠤ ᠶᠠᠪᠤᠳᠠᠯ ᠤᠨ ᠳᠠᠩᠰᠠ ᠡᠪᠬᠡᠮᠡᠯ ᠤᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠩᠰᠠ ᠡᠪᠬᠡᠮᠡᠯ ᠤᠨ ᠠᠵᠢᠯ ᠢ ᠺᠠᠳ᠋ᠷ ᠤᠨ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠯᠪᠠᠲᠠᠨ ᠢ ᠰᠢᠯᠭᠠᠨ ᠡᠯᠰᠡᠬᠦ᠂ ᠰᠢᠯᠵᠢᠭᠦᠯᠦᠨ ᠲᠣᠮᠢᠯᠠᠬᠤ᠂ ᠺᠠᠳ᠋ᠷ ᠤᠨ ᠬᠠᠮᠢᠶᠠᠷᠤᠯᠲᠠ ᠬᠢᠨᠠᠯᠲᠠ ᠳᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠵᠤ᠂ ᠳᠠᠩᠰᠠ ᠡᠪᠬᠡᠮᠡᠯ ᠤᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ ᠡᠭᠦᠨ ᠤ ᠬᠠᠮᠲᠤ᠂ ᠺᠠᠳ᠋ᠷ ᠤᠨ ᠮᠡᠳᠡᠭᠡ ᠵᠠᠩᠭᠢ ᠶᠢ ᠬᠥᠳᠡᠯᠦᠩᠭᠦᠶ ᠪᠠᠷ ᠰᠢᠨᠡᠳᠬᠡᠵᠦ᠂ ᠲᠤᠭ᠎ᠠ ᠪᠠᠷᠢᠮᠲᠠ ᠶᠢᠨ ᠴᠠᠭ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ ᠺᠠᠳ᠋ᠷᠴᠤᠳ ᠲᠤ ᠨᠠᠷᠢᠯᠢᠭ ᠣᠨᠣᠴᠠᠲᠠᠶ ᠪᠠᠷ ᠵᠢᠷᠤᠭᠯᠠᠵᠤ᠂ ᠡᠭᠦᠨ ᠤ ᠤᠯᠠᠮ ᠢᠶᠠᠷ ᠺᠠᠳ᠋ᠷ ᠤᠨ ᠮᠡᠳᠡᠭᠡ ᠵᠠᠩᠭᠢ ᠶᠢ ︽ᠰᠣᠩᠭᠤᠬᠤ᠂ ᠬᠥᠮᠦᠵᠢᠭᠦᠯᠬᠦ᠂ ᠬᠡᠷᠡᠭᠯᠡᠬᠦ︾ ᠵᠡᠷᠭᠡ ᠭᠤᠭᠴᠤᠭ᠎ᠠ ᠳᠤ ᠮᠥᠷᠳᠡᠨ ᠳᠠᠭᠠᠬᠤ ᠪᠠ ᠬᠥᠳᠡᠯᠦᠩᠭᠦᠶ ᠪᠠᠷ ᠬᠠᠮᠢᠶᠠᠷᠬᠤ ᠶᠢ ᠪᠡᠶᠡᠯᠡᠭᠦᠯᠵᠦ᠂ ᠺᠠᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠨ᠎ᠠ᠃    ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1