ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠤᠬᠠᠭᠤᠯᠭ᠎ᠠ ᠶᠢᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/21
      ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ ᠰᠦᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠤᠬᠠᠭᠤᠯᠭ᠎ᠠ ᠶᠢᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠳᠠᠯᠳᠠ ᠬᠡᠮ ᠢ ᠠᠷᠢᠯᠭᠠᠨ ᠥᠷᠭᠡᠨ ᠢᠶᠠᠷ ᠤᠬᠠᠭᠤᠯᠤᠨ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠵᠣᠨ ᠤ ᠰᠥᠨᠢ ᠶᠢᠨ ︽ᠬᠠᠮᠠᠭᠠᠯᠠᠯᠲᠠ ᠶᠢᠨ ᠬᠡᠷᠡᠮ︾ ᠢ ᠦᠨᠡᠨ ᠬᠦ ᠪᠠᠲᠤ ᠴᠣᠭᠴᠠᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃      ᠠᠵᠢᠯᠯᠠᠭ᠎ᠠ ᠶᠢᠨ ᠳᠤᠮᠳᠠ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠷᠡᠭ ᠵᠢᠭᠤᠷᠠᠯᠳᠤᠭᠠᠨ ᠣᠯᠠᠨ ᠡᠭᠦᠰᠬᠦ ᠴᠠᠭ᠂ ᠠᠮᠤᠷ ᠢ ᠬᠠᠮᠠᠭᠠᠯᠠᠬᠤ ᠪᠤᠳᠤᠯᠢᠶᠠᠨᠲᠠᠶ ᠣᠷᠣᠨ ᠪᠦᠰᠡ᠂ ᠳᠠᠯᠳᠠ ᠭᠡᠮ ᠲᠣᠪᠤᠶᠢᠮ᠎ᠠ ᠲᠠᠯᠠᠪᠤᠷ ᠭᠠᠵᠠᠷ᠂ ᠠᠰᠠᠭᠤᠳᠠᠯ ᠣᠯᠠᠨ ᠭᠠᠷᠳᠠᠭ ᠭᠠᠵᠠᠷ ᠵᠡᠷᠭᠡ ᠳᠤ ᠴᠢᠭᠯᠡᠭᠦᠯᠦᠨ᠂ ᠰᠥᠨᠢ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠳᠠᠭᠠᠨ ᠤ ᠬᠦᠴᠦᠨ ᠢ ᠠᠮᠢᠳᠤᠯᠢᠭ ᠢᠶᠠᠷ ᠪᠠᠶᠢᠷᠢᠯᠠᠭᠤᠯᠤᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠳᠠᠶᠢᠴᠢᠯᠠᠵᠤ᠂ ᠵᠢᠵᠢᠭᠦᠷᠯᠡᠬᠦ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠡᠭᠦᠷᠭᠡ ᠭᠦᠢᠴᠡᠳᠭᠡᠬᠦ ᠴᠠᠭ ᠤᠨ ᠪᠦᠷᠬᠦᠴᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃      ᠡᠨᠡ ᠬᠤᠭᠤᠴᠠᠭᠠᠨ ᠳᠤ᠂ ᠠᠷᠠᠳ ᠤᠨ ᠲᠤᠰᠠᠯᠠᠬᠤ ᠴᠠᠭᠳᠠᠭ᠎ᠠ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠥᠭᠵᠢᠶᠡᠨ ᠨᠠᠷᠭᠢᠶᠠᠨ ᠲᠠᠢ ᠬᠤᠳᠠᠯᠳᠤᠭᠠᠨ ᠤ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠪᠣᠯᠤᠨ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠰᠡᠵᠢᠭᠯᠡᠯᠲᠡᠶ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠪᠡ᠃ ᠭᠤᠤᠯᠳᠠᠯᠭ᠎ᠠ ᠲᠠᠢ ᠴᠠᠭ ᠮᠥᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠥᠨᠢ ᠶᠢᠨ ᠠᠵᠤ ᠠᠬᠤᠶ ᠶᠢᠨ ᠬᠤᠳᠠᠯᠳᠤᠭᠠᠨ ᠤ ᠬᠦᠷᠢᠶ᠎ᠡ᠂ ᠠᠷᠢᠬᠢᠨ ᠮᠤᠬᠤᠯᠠᠭ᠂ ᠰᠥᠨᠢ ᠶᠢᠨ ᠵᠠᠬ᠎ᠠ ᠵᠡᠷᠭᠡ ᠭᠤᠤᠯᠳᠠᠯᠭ᠎ᠠ ᠲᠠᠢ ᠬᠡᠰᠡᠭ ᠤᠨ ᠰᠥᠨᠢ ᠶᠢᠨ ᠵᠢᠵᠢᠭᠦᠷᠯᠡᠬᠦ ᠴᠠᠭ ᠢ ᠵᠣᠬᠢᠰᠲᠠᠶ ᠤᠷᠲᠤᠳᠬᠠᠵᠤ᠂ ᠵᠣᠨ ᠤ ᠠᠮᠤᠷ ᠲᠦᠪᠰᠢᠨ ᠢ ᠦᠨᠡᠨ ᠬᠦ ᠰᠠᠬᠢᠨ ᠬᠠᠮᠠᠭᠠᠯᠠᠪᠠ᠃   ᠴᠠᠭᠳᠠᠭ᠎ᠠ ᠶᠢᠨ ᠲᠣᠭᠤᠷᠢᠵᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠠᠴᠠ ᠭᠠᠳᠠᠨ᠎ᠠ᠂ ᠠᠷᠠᠳ ᠤᠨ ᠲᠤᠰᠠᠯᠠᠬᠤ ᠴᠠᠭᠳᠠᠭ᠎ᠠ ᠪᠠᠰᠠ ᠠᠮᠤᠷ ᠲᠦᠪᠰᠢᠨ ᠨᠠᠷᠢᠨ ᠪᠤᠳᠤᠯᠢᠶᠠᠨᠲᠠᠢ᠂ ᠬᠡᠷᠡᠭ ᠨᠡᠮᠡᠭᠳᠡᠭᠰᠡᠨ᠂ ᠠᠰᠠᠭᠤᠳᠠᠯ ᠪᠠᠶᠢᠨ ᠳᠠᠬᠢᠨ ᠭᠠᠷᠴᠤ ᠪᠠᠶᠢᠭ᠎ᠠ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠭᠠᠨ ᠤ ᠬᠦᠴᠦᠨ ᠢᠶᠠᠨ ᠲᠥᠪᠯᠡᠷᠡᠭᠦᠯᠦᠨ᠂ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠱᠠᠯᠢᠭ ᠵᠠᠪᠬᠠᠶ ᠵᠦᠢᠯᠡᠰ ᠵᠣᠭᠤᠰ ᠮᠥᠷᠦ᠋ᠢᠴᠡᠬᠦ ᠬᠤᠤᠷᠲᠤ ᠡᠳ᠋ ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠮᠤᠷ ᠢ ᠬᠠᠮᠠᠭᠠᠯᠠᠬᠤ ᠡᠮᠬᠢ ᠵᠠᠮᠪᠠᠷᠠᠭ᠎ᠠ ᠦᠭᠡᠢ ᠪᠠᠶᠢᠬᠤ ᠠᠰᠠᠭᠤᠳᠠᠯ ᠢ ᠴᠡᠭᠴᠡᠯᠡᠨ ᠵᠠᠰᠠᠵᠠᠢ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1