ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠲᠠᠬᠤ ᠰᠢᠶᠠᠨ ᠤ ᠬᠤᠷᠢᠶ᠎ᠠ ︽  ᠬᠦᠨᠳᠦ ᠪᠡᠯᠡᠭᠳᠦ ᠬᠤᠷᠢᠮ ᠤᠨ ᠶᠤᠰᠤᠯᠠᠯ ᠢ ᠡᠰᠡᠷᠭᠦᠴᠡᠵᠦ ᠪᠣᠯᠪᠠᠰᠤᠨ ᠤᠷᠤᠭ ᠬᠤᠷᠢᠮ ᠤᠨ ᠳᠠᠳᠬᠠᠯ ᠢ ᠰᠠᠨᠠᠭᠠᠴᠢᠯᠠᠶ᠎ᠠ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/21
      ᠪᠣᠯᠪᠠᠰᠤᠨ ᠥᠭᠡᠳᠡᠷᠬᠡᠭ ᠵᠠᠩ ᠳᠠᠳᠬᠠᠯ ᠢ ᠰᠠᠨᠠᠭᠠᠴᠢᠯᠠᠵᠤ᠂ ᠥᠷᠭᠡᠨ ᠣᠯᠠᠨ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠷᠤᠭᠯᠠᠬᠤ ᠦᠵᠡᠯᠲᠡ ᠶᠢ ᠪᠣᠶ ᠪᠣᠯᠭᠠᠵᠤ᠂ ᠬᠦᠨᠳᠦ ᠪᠡᠯᠡᠭᠳᠦ ᠬᠤᠷᠢᠮ ᠤᠨ ᠶᠤᠰᠤᠯᠠᠯ ᠢ ᠡᠰᠡᠷᠭᠦᠴᠡᠵᠦ ᠪᠣᠯᠪᠠᠰᠤᠨ ᠤᠷᠤᠭ ᠬᠤᠷᠢᠮ ᠤᠨ ᠳᠠᠳᠬᠠᠯ ᠢ ᠰᠠᠨᠠᠭᠠᠴᠢᠯᠠᠨ᠂ ᠭᠡᠷ ᠪᠦᠯᠢ ᠵᠣᠯ ᠵᠢᠷᠭᠠᠯ ᠲᠠᠢ᠂ ᠨᠡᠶᠢᠭᠡᠮ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠲᠠᠬᠤ ᠰᠢᠶᠠᠨ ᠤ ᠬᠤᠷᠢᠶ᠎ᠠ ᠰᠢᠶᠠᠩ ᠾᠧ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠲᠠᠢ ᠬᠠᠮᠲᠤᠷᠠᠨ ︽ᠬᠦᠨᠳᠦ ᠪᠡᠯᠡᠭᠳᠦ ᠬᠤᠷᠢᠮ ᠤᠨ ᠶᠤᠰᠤᠯᠠᠯ ᠢ ᠡᠰᠡᠷᠭᠦᠴᠡᠵᠦ ᠪᠣᠯᠪᠠᠰᠤᠨ ᠤᠷᠤᠭ ᠬᠤᠷᠢᠮ ᠤᠨ ᠳᠠᠳᠬᠠᠯ ᠢ  ᠰᠠᠨᠠᠭᠠᠴᠢᠯᠠᠶ᠎ᠠ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠵᠠᠯᠠᠭᠤᠴᠤᠳ ᠲᠤ ᠬᠠᠨᠳᠤᠭᠤᠯᠤᠨ ᠰᠢᠨ᠎ᠡ ᠴᠠᠭ ᠦᠶ᠎ᠡ ᠶᠢᠨ ᠰᠢᠨ᠎ᠡ ᠬᠡᠪ ᠰᠤᠷᠲᠠᠯ ᠤᠨ ᠬᠤᠷᠢᠮᠯᠠᠬᠤ ᠵᠠᠩ ᠳᠠᠳᠬᠠᠯ ᠢ ᠤᠬᠠᠭᠤᠯᠵᠤ᠂  ᠬᠦᠨᠳᠦ ᠪᠣᠭᠲᠤᠯᠢᠭ ᠪᠡᠯᠡᠭ ᠤᠨ ᠤᠷᠤᠭ ᠤᠨ ᠬᠤᠣᠷ ᠬᠥᠨᠥᠭᠡᠯ ᠵᠡᠷᠭᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠤᠷᠤᠭᠯᠠᠵᠤ ᠪᠣᠭᠲᠣᠯᠠᠬᠤ ᠠᠵᠢᠯᠯᠠᠭ᠎ᠠ ᠶᠢ ᠶᠡᠭᠡ ᠪᠠᠷ ᠬᠢᠬᠦ᠂ ᠪᠦᠷᠢᠯᠭᠡᠨ ᠰᠦᠢᠳᠬᠡᠬᠦ ᠬᠡᠪ ᠰᠤᠷᠲᠠᠯ ᠬᠦᠨᠳᠦ ᠨᠣᠴᠢᠲᠠᠶ ᠪᠠᠶᠢᠬᠤ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠤᠨ ᠬᠤᠤᠷ ᠬᠥᠨᠥᠭᠡᠯ ᠢ ᠨᠠᠷᠢᠨ ᠲᠠᠶᠢᠯᠪᠤᠷᠢᠯᠠᠵᠤ ᠂ ᠰᠤᠷᠬᠤ ᠨᠠᠰᠤᠨ ᠤ ᠵᠠᠯᠠᠭᠤᠴᠤᠳ ᠵᠢᠴᠢ ᠭᠡᠷ ᠤᠨ ᠠᠬᠠᠮᠠᠳ ᠤᠨ ᠵᠥᠪ ᠤᠷᠤᠭ ᠤᠨ ᠦᠵᠡᠯᠲᠡ ᠶᠢ ᠪᠣᠶ ᠪᠣᠯᠭᠠᠬᠤ ᠶᠢ ᠰᠠᠨᠠᠭᠠᠴᠢᠯᠠᠵᠤ᠂ ᠪᠣᠯᠬᠢ ᠪᠦᠳᠦᠭᠦᠯᠢᠭ ᠵᠠᠩᠰᠢᠯ ᠢ ᠡᠰᠡᠷᠭᠦᠴᠡᠵᠦ᠂ ᠠᠷᠪᠢᠴᠢ ᠭᠠᠮᠲᠠᠶ ᠪᠠᠶᠢᠬᠤ ᠶᠢ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠲᠡᠪᠴᠢᠵᠦ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠰᠢᠨ᠎ᠡ ᠴᠠᠭ ᠦᠶ᠎ᠡ ᠶᠢᠨ ᠪᠤᠯᠪᠠᠰᠤᠨ ᠰᠤᠷᠳᠠᠯ ᠢ ᠪᠤᠢ ᠪᠤᠯᠭᠠᠶ᠎ᠠ ᠭᠡᠵᠤ ᠤᠷᠢᠶᠠᠯᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠵᠠᠯᠠᠭᠤᠴᠤᠳ ᠤᠨ ᠢᠳᠡᠪᠬᠢᠲᠡᠶ ᠬᠦᠷᠢᠶᠡᠯᠡᠯ ᠪᠠ ᠣᠷᠤᠯᠴᠠᠯᠭ᠎ᠠ ᠶᠢ ᠣᠯᠵᠤ᠂ ᠣᠯᠠᠨ ᠢᠶᠠᠷ ᠢᠶᠠᠨ ᠭᠦᠨ ᠰᠡᠩᠬᠡᠷᠡᠭᠦᠯᠦᠯ ᠪᠠ ᠬᠥᠮᠦᠵᠢᠯ ᠭᠥᠷᠳᠡᠵᠦ᠂  ᠤᠷᠤᠭ ᠬᠤᠷᠢᠮ ᠤᠨ ᠶᠤᠰᠤᠯᠠᠯ ᠤᠨ ᠬᠦᠨᠳᠦ ᠪᠡᠯᠡᠭ ᠲᠠᠢ ᠪᠤᠭᠳᠤᠯᠠᠬᠤ ᠶᠢ ᠡᠰᠡᠷᠭᠦᠴᠡᠨ ᠬᠤᠷᠢᠭᠯᠠᠬᠤ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠣᠯᠠᠨ ᠵᠦᠢᠯ ᠤᠨ ᠬᠡᠯᠪᠡᠷᠢ ᠪᠠᠷ ᠬᠠᠭᠤᠴᠢᠨ ᠪᠦᠳᠦᠭᠦᠯᠢᠭ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠤᠨ ᠪᠣᠯᠪᠠᠰᠤᠨ ᠡᠷᠡᠭᠦᠯ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠬᠤ ᠶᠢ ᠰᠠᠨᠠᠭᠠᠴᠢᠯᠠᠵᠤ᠂ ᠡᠷᠡᠭᠦᠯ ᠪᠣᠯᠪᠠᠰᠤᠨ ᠨᠡᠶᠢᠭᠡᠮ ᠤᠨ ᠬᠡᠪ ᠰᠤᠷᠲᠠᠯ ᠢ ᠬᠠᠮᠲᠤ ᠪᠠᠷ ᠪᠣᠶ ᠪᠤᠯᠭᠠᠬᠤ ᠪᠠᠷ ᠴᠢᠷᠮᠠᠶᠢᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1