ᠣᠳᠣᠬᠠᠨ ᠳᠤ᠂ ᠨᠡᠶᠢᠭᠡᠮ ᠤᠨ ᠨᠠᠰᠤᠵᠢᠯᠲᠠ ᠶᠢᠨ ᠡᠳᠦᠷ ᠢᠷᠡᠬᠦᠶ᠎ᠡ ᠰᠢᠷᠦᠭᠦᠰᠬᠦ ᠶᠢ ᠳᠠᠭᠠᠯᠳᠤᠨ᠂ | ᠨᠠᠰᠤᠲᠠᠶᠢᠴᠤᠳ ᠤᠨ ᠨᠡᠶᠢᠭᠡᠮ ᠤᠨ ᠬᠠᠷᠢᠯᠴᠠᠭ᠎ᠠ ᠪᠠ ᠠᠮᠢᠳᠤᠷᠠᠯ ᠤᠨ ᠴᠢᠬᠤᠯᠠ ᠲᠠᠯᠠᠪᠤᠷ ᠪᠣᠯᠤᠭᠰᠠᠨ ᠨᠠᠰᠤᠵᠢᠯ ᠤᠨ | ᠠᠰᠠᠷᠠᠮᠵᠢ ᠶᠢᠨ ᠭᠠᠵᠠᠷ ᠤᠨ ᠠᠮᠤᠷ ᠲᠦᠪᠰᠢᠨ ᠪᠠ ᠪᠤᠳᠠᠳᠠᠢ ᠬᠡᠷᠡᠭᠯᠡᠭᠡᠨ ᠤ ᠴᠢᠨᠠᠷᠲᠠᠶ ᠬᠡᠷᠡᠭᠴᠡᠭᠡ ᠶᠢ ᠵᠡᠷᠭᠡᠪᠡᠷ | ᠴᠢᠬᠤᠯᠠᠴᠢᠯᠠᠬᠤ ᠬᠡᠷᠡᠭᠳᠡᠢ ᠪᠤᠯᠵᠠᠢ᠃ ᠡᠭᠦᠨ ᠳᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠪᠣᠯ ᠨᠠᠩ | ᠴᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠣᠮᠲᠣᠭᠠᠶᠢᠯᠠᠵᠤ ᠪᠣᠯᠤᠰᠢ ᠥᠬᠡᠶ | ᠵᠠᠩᠭᠢᠯᠠᠭ᠎ᠠ ᠶᠢᠨ ᠭᠤᠭᠴᠤᠭ᠎ᠠ ᠮᠥᠨ᠃ ᠵᠣᠬᠢᠶᠠᠭᠴᠢ ᠶᠢᠨ ᠦᠵᠡᠬᠦ ᠪᠠᠷ᠂ ᠨᠠᠰᠤᠵᠢᠯ ᠤᠨ ᠠᠰᠠᠷᠠᠮᠵᠢ ᠶᠢᠨ | ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠴᠢᠬᠤᠯᠠᠴᠢᠯᠠᠬᠤ ᠪᠣᠯ ᠨᠠᠰᠤᠲᠠᠶᠢᠴᠤᠳ ᠤᠨ ᠠᠮᠢ ᠨᠠᠰᠤ | ᠡᠷᠡᠭᠦᠯ ᠮᠡᠨᠳᠦ ᠶᠢ ᠬᠦᠨᠳᠦᠳᠬᠡᠬᠦ ᠪᠠ ᠬᠠᠮᠠᠭᠠᠯᠠᠬᠤ ᠶᠠᠪᠤᠳᠠᠯ ᠪᠣᠯᠬᠤ ᠪᠠᠷ ᠪᠠᠷᠠᠬᠤ ᠥᠬᠡᠶ᠂ ᠪᠠᠰᠠ ᠴᠤ | ᠨᠠᠰᠤᠲᠠᠶᠢᠴᠤᠳ ᠤᠨ ᠦᠳᠡᠯᠦᠭᠡ ᠨᠠᠰᠤᠨ ᠤ ᠠᠮᠤᠷ ᠲᠦᠪᠰᠢᠨ ᠪᠠᠶᠢᠬᠤ ᠶᠢ ᠪᠡᠶᠡᠯᠡᠭᠦᠯᠬᠦ ᠶᠢᠨ ᠵᠠᠶᠢᠯᠠᠰᠢ ᠥᠬᠡᠶ | ᠱᠠᠭᠠᠷᠳᠠᠯᠭ᠎ᠠ ᠮᠥᠨ᠂ ᠳᠣᠤᠷᠠᠬᠢ ᠬᠡᠳᠦᠨ ᠲᠠᠯ᠎ᠠ ᠠᠴᠠ ᠤᠶᠢᠯᠠᠭᠠᠵᠤ ᠪᠤᠯᠤᠨ᠎ᠠ᠄ | ᠦᠵᠡᠯ ᠤᠬᠠᠮᠰᠠᠷ ᠤᠨ ᠤᠬᠠᠭᠤᠯᠭ᠎ᠠ ᠶᠢ ᠤᠷᠢᠳᠠᠪᠠᠷ ᠦᠷᠨᠢᠭᠦᠯᠵᠦ᠂ ᠠᠮᠤᠷ ᠲᠦᠪᠰᠢᠨ ᠤ | ᠣᠶᠢᠯᠠᠭᠠᠭᠳᠠᠬᠤᠨ ᠢ ᠴᠢᠩᠭᠠᠳᠬᠠᠨ᠎ᠠ᠃ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠬᠠᠮᠢᠶᠠᠷᠤᠭᠴᠢ᠂ ᠠᠵᠢᠯᠳᠠᠨ | ᠵᠢᠴᠢ ᠨᠠᠰᠤᠲᠠᠶᠢᠴᠤᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ | ᠦᠨᠳᠦᠰᠦᠨ ᠠᠴᠠ ᠨᠢ ᠳᠡᠭᠡᠭᠰᠢᠯᠡᠭᠦᠯᠬᠦ ᠬᠡᠷᠡᠭᠲᠡᠢ᠃ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢᠨ ᠲᠠᠶᠢᠯᠤᠮᠵᠢ ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠪᠠᠷ | ᠳᠠᠮᠵᠢᠭᠤᠯᠤᠨ᠂ ᠭᠠᠯ ᠤᠨ ᠭᠠᠮᠰᠢᠭ ᠤᠨ ᠬᠤᠤᠷ ᠬᠥᠨᠥᠭᠡᠯᠲᠦ ᠴᠢᠨᠠᠷ ᠪᠠ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ | ᠴᠢᠨᠠᠷ ᠢ ᠣᠯᠠᠨ ᠳᠤ ᠭᠦᠨᠵᠡᠭᠡᠶ ᠣᠶᠢᠯᠠᠭᠠᠭᠤᠯᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠣᠨᠣᠯᠵᠢᠬᠤᠨ ᠢ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠤᠨ᠎ᠠ᠃ | ᠪᠡᠯᠡᠳᠬᠡᠮᠵᠢ ᠶᠢ ᠲᠡᠭᠦᠯᠳᠡᠷᠵᠢᠭᠦᠯᠵᠦ᠂ ᠰᠡᠷᠭᠡᠶᠢᠯᠡᠯᠳᠡ ᠬᠠᠮᠠᠭᠠᠯᠠᠯᠲᠠ ᠶᠢ ᠴᠢᠩᠭᠠᠳᠬᠠᠨ᠎ᠠ᠃ ᠨᠠᠰᠤᠵᠢᠯ ᠤᠨ | ᠠᠰᠠᠷᠠᠮᠵᠢ ᠶᠢᠨ ᠭᠠᠵᠠᠷ ᠨᠦᠭᠦᠳ ᠤᠯᠤᠰ ᠤᠨ ᠭᠠᠯ ᠰᠡᠷᠭᠡᠶᠢᠯᠡᠨ ᠤᠨᠳᠠᠷᠠᠭᠠᠬᠤ ᠠᠮᠦᠷ ᠲᠦᠪᠰᠢᠨ ᠤ ᠪᠠᠷᠢᠮᠵᠢᠶ᠎ᠠ ᠶᠢ | ᠴᠢᠩᠭ᠎ᠠ ᠵᠢᠷᠤᠮᠯᠠᠨ᠂ ᠪᠦᠷᠢᠨ ᠲᠡᠭᠦᠯᠳᠡᠷ ᠭᠠᠯ ᠰᠡᠷᠭᠡᠶᠢᠯᠡᠨ ᠤᠨᠳᠠᠷᠠᠭᠠᠬᠤ ᠠᠮᠦᠷ ᠲᠦᠪᠰᠢᠨ ᠤ ᠪᠡᠯᠡᠳᠬᠡᠮᠵᠢ ᠶᠢ | ᠲᠣᠬᠢᠷᠠᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠠᠯ ᠤᠨ ᠠᠶᠤᠯ ᠲᠦᠭᠰᠢᠭᠦᠷᠢ | ᠮᠡᠳᠡᠭᠡᠯᠡᠭᠴᠢ᠂ ᠤᠰᠦ ᠰᠦᠷᠴᠢᠵᠦ ᠭᠠᠯ ᠤᠨᠲᠠᠷᠠᠭᠠᠬᠤ ᠰᠢᠰᠲ᠋ᠧᠮ᠂ ᠭᠠᠯ ᠤᠨᠲᠠᠷᠠᠭᠠᠬᠤ ᠭᠤᠤᠷᠰᠤ ᠵᠡᠷᠭᠡ ᠶᠢ | ᠪᠠᠭᠳᠠᠭᠠᠭᠰᠠᠨ ᠪᠡᠯᠡᠳᠭᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠠᠷᠠᠴᠢᠯᠠᠨ ᠬᠠᠮᠠᠭᠠᠯᠠᠵᠦ᠂ | ᠪᠡᠯᠡᠳᠬᠡᠮᠵᠢ ᠶᠢᠨ ᠬᠡᠪ ᠤᠨ ᠠᠵᠢᠯᠯᠠᠭ᠎ᠠ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠮᠢ ᠵᠢᠭᠤᠲᠠᠬᠤ | ᠵᠠᠮ ᠢ ᠵᠦᠶ ᠵᠣᠬᠢᠰᠲᠠᠶ ᠲᠥᠯᠥᠪᠵᠢᠭᠦᠯᠵᠦ᠂ ᠢᠯᠡᠷᠬᠡᠶ ᠲᠡᠮᠳᠡᠭ ᠫᠠᠶᠢᠰᠠ ᠲᠠᠯᠪᠢᠵᠤ᠂ ᠪᠠᠴᠢᠮ ᠪᠠᠶᠢᠳᠠᠯ ᠤᠨ ᠳᠣᠤᠷ᠎ᠠ | ᠦᠳᠲᠡᠷ ᠲᠦᠷᠭᠡᠨ ᠬᠥᠮᠦᠰ ᠢ ᠲᠠᠷᠬᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠠᠮᠢᠶᠠᠷᠤᠯᠲᠠ ᠪᠠᠨ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ ᠢ ᠨᠠᠷᠢᠨ ᠲᠣᠳᠣᠷᠬᠠᠶ ᠲᠣᠭᠲᠠᠭᠠᠵᠤ᠂ ᠡᠯ᠎ᠡ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ | ᠰᠠᠶᠢᠵᠢᠷᠠᠭᠤᠯᠵᠤ᠂ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠶ᠃ | ᠪᠤᠯᠪᠠᠰᠤᠷᠠᠯ ᠢ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠠᠵᠢᠯᠲᠠᠨ ᠤ ᠪᠤᠯᠪᠠᠰᠤᠷᠠᠯ ᠢ ᠴᠢᠩᠭᠠᠳᠬᠠᠵᠤ᠂ ᠢᠯᠠᠩᠭᠤᠶ᠎ᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠤᠷ᠎ᠠ | ᠴᠢᠳᠠᠪᠤᠷᠢ ᠶᠢ ᠲᠡᠭᠡᠭᠰᠢᠯᠡᠭᠦᠯᠬᠦ ᠬᠡᠷᠡᠭᠲᠡᠶ᠃ ᠰᠣᠷᠢᠯᠲᠠ ᠪᠤᠯᠪᠠᠰᠤᠷᠠᠯ ᠢᠶᠠᠷ ᠳᠠᠮᠵᠢᠭᠤᠯᠤᠨ᠂ ᠠᠵᠢᠯᠲᠠᠳ ᠢ | ᠬᠠᠪᠰᠤᠷᠤᠨ ᠭᠠᠯ ᠤᠨ ᠠᠶᠤᠯ ᠤᠨ ᠲᠦᠭᠰᠢᠭᠦᠷᠢ ᠮᠡᠳᠡᠭᠡᠯᠡᠬᠦ ᠶᠠᠪᠤᠴᠠ᠂ ᠡᠬᠢᠨ ᠤ ᠬᠤᠭᠤᠴᠠᠭᠠᠨ ᠤ ᠭᠠᠯ | ᠤᠨᠲᠠᠷᠠᠭᠠᠬᠤ ᠠᠷᠭ᠎ᠠ ᠵᠢᠴᠢ ᠠᠮᠢ ᠵᠢᠭᠤᠲᠠᠬᠤ ᠵᠥᠪ ᠵᠠᠮ ᠱᠤᠭᠤᠮ ᠢ ᠣᠶᠢᠯᠠᠭᠠᠭᠤᠯᠵᠤ᠂ ᠭᠠᠯ ᠤᠨ ᠠᠶᠤᠯ ᠡᠭᠦᠰᠬᠦ | ᠦᠶ᠎ᠡ ᠳᠤ ᠪᠤᠰᠢᠭᠤ ᠲᠦᠷᠭᠡᠨ᠂ ᠡᠮᠬᠢ ᠵᠢᠷᠤᠮ ᠲᠠᠢ ᠪᠠᠷ ᠬᠥᠮᠦᠰ ᠢ ᠵᠣᠬᠢᠶᠠᠨ ᠪᠠᠶᠢᠭᠤᠯᠤᠨ ᠲᠠᠷᠬᠠᠭᠠᠬᠤ ᠶᠢ ᠦᠨᠡᠨ | ᠬᠦ ᠪᠠᠲᠤᠯᠠᠵᠤ᠂ ᠬᠥᠮᠦᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠪᠠᠭᠠᠰᠬᠠᠬᠤ ᠬᠡᠷᠡᠭᠲᠡᠶ᠃ | ᠡᠭᠦᠨ ᠠᠴᠠ ᠭᠠᠳᠠᠨ᠎ᠠ᠂ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠯᠦᠭᠡ ᠨᠢᠭᠲᠠ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ᠃ | ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ | ᠪᠣᠯ ᠨᠢᠭᠡᠨ ᠤᠷᠲᠤ ᠬᠤᠭᠤᠴᠠᠭᠠᠨ ᠤ ᠪᠥᠭᠡᠳ ᠬᠠᠲᠠᠭᠤ ᠪᠡᠷᠬᠡ ᠡᠭᠦᠷᠭᠡ ᠮᠥᠨ᠂ ᠨᠠᠰᠤᠲᠠᠶᠢᠴᠤᠳ ᠤᠨ ᠠᠮᠤᠷ | ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠶᠢᠨ ᠬᠠᠮᠳᠦ ᠵᠠᠰᠠᠭ ᠤᠨ | ᠣᠷᠳᠣᠨ᠂ ᠨᠡᠶᠢᠭᠡᠮ᠂ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠬᠠᠮᠲᠤ ᠪᠠᠷ ᠴᠢᠷᠮᠠᠶᠢᠵᠦ᠂ ᠠᠮᠤᠷ ᠲᠦᠪᠰᠢᠨ᠂ | ᠡᠶ᠎ᠡ ᠵᠣᠬᠢᠴᠠᠯ ᠲᠠᠢ᠂ ᠬᠠᠯᠠᠭᠤᠨ ᠳᠤᠯᠠᠭᠠᠨ ᠨᠠᠰᠤᠵᠢᠯ ᠤᠨ ᠠᠰᠠᠷᠠᠮᠵᠢ ᠶᠢᠨ ᠣᠷᠴᠢᠨ ᠲᠣᠭᠤᠷᠢᠨ ᠢ ᠪᠣᠶ | ᠪᠣᠯᠭᠠᠬᠤ ᠶᠢ ᠴᠢᠬᠤᠯᠠᠴᠢᠯᠠᠪᠠᠯ ᠵᠤᠬᠢᠨ᠎ᠠ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |