ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠢ ᠡᠬᠢᠯᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/22
      ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠬᠥᠭᠵᠢᠭᠦᠯᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠪᠠᠷ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠲᠤᠯᠭᠠᠭᠤᠷᠢᠯᠠᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ 2024 ᠣᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ ︾ ᠤᠨ ᠠᠵᠢᠯᠯᠠᠭ᠎ᠠ ᠶᠢ ᠡᠬᠢᠯᠡᠭᠦᠯᠪᠡ᠃      ᠲᠣᠰ ᠤᠳᠠᠭᠠᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠨᠢ ︽ᠲᠤᠰᠬᠠᠶ ᠠᠰᠢᠭ ᠤᠨ ᠠᠵᠤ ᠦᠢᠯᠡᠰᠵᠢᠯᠲᠡ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠶ᠎ᠡ︾ ᠪᠠᠷ ᠭᠤᠤᠯ ᠰᠡᠳᠦᠪ ᠪᠣᠯᠭᠠᠭᠰᠠᠨ ᠪᠠᠶᠢᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠡᠷᠬᠡ ᠳᠤ ᠬᠠᠯᠳᠠᠭᠰᠠᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ᠂ ᠲᠤᠰᠬᠠᠢ ᠰᠡᠳᠦᠪᠲᠦ ᠪᠤᠯᠪᠠᠰᠤᠷᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠤᠬᠠᠢ ᠶᠢᠨ ᠭᠠᠵᠠᠷ ᠲᠤᠨᠢ ᠲᠠᠶᠢᠯᠪᠤᠷᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠬᠥᠮᠥᠨ ᠪᠦᠬᠦᠨ ᠠᠩᠬᠠᠷᠴᠤ᠂ ᠬᠥᠮᠥᠨ ᠪᠦᠬᠦᠨ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠡᠶᠢᠲᠡ 40 ᠭᠠᠷᠤᠶ ᠠᠵᠤ ᠠᠬᠤᠶᠢᠯᠠᠯ ᠢ ᠭᠥᠯᠢᠶᠡᠨ ᠠᠪᠴᠤ᠂ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ 120 ᠭᠠᠷᠤᠶ ᠬᠤᠪᠢ ᠲᠠᠷᠬᠠᠭᠠᠪᠠ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠤᠰᠬᠠᠢ ᠠᠰᠢᠭ ᠤᠨ ᠠᠵᠤ ᠦᠢᠯᠡᠰᠵᠢᠯᠲᠡ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪ ᠤᠨ ᠲᠣᠭᠤᠷᠢᠨ ᠳᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠲᠤᠯᠭᠠᠮ᠎ᠠ ᠱᠠᠭᠠᠷᠳᠠᠯᠭ᠎ᠠ ᠶᠢ ᠲᠥᠪᠯᠡᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠡᠭᠦᠳᠦᠯᠲᠡ᠂ ᠥᠨᠳᠥᠷ ᠪᠠᠷᠢᠮᠵᠢᠶ᠎ᠠ ᠪᠠᠷ ᠬᠠᠮᠠᠭᠠᠯᠠᠬᠤ᠂ ᠥᠨᠳᠥᠷ ᠦᠷ᠎ᠡ ᠠᠰᠢᠭ ᠢᠶᠠᠷ ᠬᠡᠷᠡᠭᠯᠡᠬᠦ᠂ ᠥᠨᠳᠥᠷ ᠲᠦᠪᠰᠢᠨ ᠢᠶᠠᠷ ᠬᠠᠮᠢᠶᠠᠷᠬᠤ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠬᠦᠴᠦ ᠨᠡᠮᠡᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠤᠯᠭᠠᠭᠤᠷᠢᠯᠠᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1