ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ︽ᠮᠢᠨᠦ ᠬᠠᠮᠤᠭ ᠪᠠᠭ᠋ᠠᠷᠬᠠᠬᠤ ᠶᠡᠷᠦᠩᠬᠡᠢ ᠱᠦᠵᠢ ᠶᠢᠨ ᠦᠭᠡ ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/22
      ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ︽ᠮᠢᠨᠦ ᠬᠠᠮᠤᠭ ᠪᠠᠭ᠋ᠠᠷᠬᠠᠬᠤ ᠶᠡᠷᠦᠩᠬᠡᠢ ᠱᠦᠵᠢ ᠶᠢᠨ ᠦᠭᠡ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠵᠠᠯᠠᠭᠤᠴᠤᠳ ᠢ ᠬᠦᠳᠦᠯᠦᠨ ᠵᠢᠯᠣᠭᠤᠳᠴᠤ ᠪᠠᠶᠢᠭᠠᠳ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠨᠢᠭᠤᠯᠵᠤ᠂ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠭᠦᠯᠬᠦ ᠶᠢᠨ ᠲᠥᠯᠥᠭᠡ᠂ ᠤᠢᠢᠷ᠎ᠠ ᠶᠢᠨ ᠬᠤᠭᠤᠴᠠᠭᠠᠨ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ᠂ ᠡᠯ᠎ᠡ ᠰᠢᠭᠤᠳ ᠬᠠᠷᠢᠶ᠎ᠠ ᠡᠪᠯᠡᠯ ᠤᠨ ᠬᠤᠷᠢᠶ᠎ᠠ ︽ᠮᠢᠨᠦ ᠬᠠᠮᠤᠭ ᠪᠠᠭ᠋ᠠᠷᠬᠠᠬᠤ ᠶᠡᠷᠦᠩᠬᠡᠢ ᠱᠦᠵᠢ ᠶᠢᠨ ᠦᠭᠡ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠭᠡ ᠥᠭᠦᠯᠡᠪᠦᠷᠢ ᠶᠢ ᠬᠠᠮᠤᠭ ᠠᠴᠠ ᠪᠠᠭ᠋ᠠᠷᠬᠠᠵᠤ᠂ ᠠᠵᠢᠯ ᠠᠮᠢᠳᠤᠷᠠᠯ ᠤᠨ ᠪᠠᠶᠢᠳᠠᠯ ᠲᠠᠢ ᠪᠠᠨ ᠤᠶᠠᠯᠳᠤᠭᠤᠯᠵᠤ᠂ ᠣᠶᠢᠯᠠᠭᠠᠯᠲᠠ ᠲᠠᠨᠢᠯᠲᠠ ᠪᠠᠨ ᠶᠠᠷᠢᠵᠤ᠂ ᠬᠤᠪᠢ ᠬᠥᠮᠦᠨ ᠤ ᠶᠡᠷᠦᠩᠬᠡᠢ ᠱᠦᠵᠢ ᠰᠢ ᠶᠢᠨ ᠫᠢᠩ ᠤᠨ ᠰᠣᠩᠭᠤᠳᠠᠭ ᠦᠭᠡ ᠶᠢᠨ ᠦᠢᠯᠡᠳᠦᠯᠭᠡ ᠪᠠ ᠣᠶᠢᠯᠠᠭᠠᠯᠲᠠ ᠪᠠᠨ ᠲᠠᠶᠢᠯᠪᠤᠷᠢᠯᠠᠪᠠ᠃
     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠯ᠎ᠡ ᠰᠢᠭᠤᠳ ᠬᠠᠷᠢᠶ᠎ᠠ ᠡᠪᠯᠡᠯ ᠤᠨ ᠬᠤᠷᠢᠶ᠎ᠠ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠥᠷᠨᠢᠭᠦᠨ ᠬᠦᠴᠦᠨ ᠢ ᠦᠷᠭᠦᠯᠵᠢᠯᠡᠨ ᠨᠢᠭᠲᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠡᠪᠯᠡᠯ ᠤᠨ ᠬᠤᠷᠢᠶ᠎ᠠ ᠰᠤᠷᠤᠯᠴᠠᠬᠤ ᠠᠵᠢᠯᠯᠠᠭ᠎ᠠ ᠶᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠡᠪᠯᠡᠯ ᠤᠨ ᠭᠡᠰᠢᠭᠦᠨ ᠵᠠᠯᠠᠭᠤᠴᠤᠳ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠵᠢᠭᠠᠨ ᠰᠤᠷᠭᠠᠯᠲᠠ ᠶᠢ ᠦᠢᠯᠡᠳᠦᠯᠭᠡᠵᠢᠭᠦᠯᠵᠦ᠂ ᠲᠣᠭᠲᠠᠬᠤ ᠶᠢᠨ ᠡᠶ᠎ᠡ ᠵᠣᠬᠢᠴᠠᠩᠭᠤᠢ ᠬᠥᠭᠵᠢᠯᠲᠡ ᠶᠢ ᠬᠠᠮᠲᠤᠪᠠᠷ ᠠᠬᠢᠭᠤᠯᠵᠤ᠂ ᠢᠳᠡᠪᠬᠢᠲᠡᠢ ᠥᠭᠡᠳᠡᠯᠡᠨ ᠲᠠᠪᠰᠢᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃   ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1