ᠡᠬᠢ ᠪᠠᠶᠠᠯᠢᠭᠵᠢᠭᠤᠯᠤᠨ ᠠᠰᠢᠭᠯᠠᠬᠤ ᠨᠢ ᠪᠠᠷᠢᠯᠭ᠎ᠠ ᠶᠢᠨ ᠬᠤᠭ ᠨᠣᠪᠰᠢ ᠶᠢᠨ ︽ᠬᠠᠶᠠᠭᠳᠠᠮᠠᠯ ᠪᠣᠳᠠᠰ ᠢ ᠡᠷᠳᠡᠨᠢ ᠪᠤᠯᠭᠠᠨ︾ ᠬᠤᠪᠢᠷᠠᠭᠤᠯᠪᠠ
ᠨᠡᠶᠢᠲᠡᠯᠡᠭᠰᠡᠨ ᠴᠠᠭ᠄
2024/8/22
      ᠮᠡᠳᠡᠭᠡᠯᠡᠯ ᠢ ᠦᠨᠳᠦᠰᠦᠯᠡᠪᠡᠯ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠪᠠᠷᠢᠯᠭ᠎ᠠ ᠶᠢᠨ ᠬᠤᠭ ᠨᠤᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠬᠡᠮᠬᠡᠯᠬᠦ᠂ ᠰᠢᠯᠢᠬᠦ᠂ ᠲᠡᠰ ᠬᠤᠪᠢᠶᠠᠬᠤ ᠵᠡᠷᠭᠡ ᠬᠤᠭ ᠨᠤᠪᠰᠢ ᠶᠢ ᠰᠢᠢᠳᠪᠦᠷᠢᠯᠡᠬᠦ ᠠᠷᠭ᠎ᠠ ᠪᠠᠷ ᠲᠠᠮᠵᠢᠭᠤᠯᠤᠨ᠂ ᠠᠳᠠᠯᠢ ᠪᠤᠰᠤ ᠪᠠᠷᠢᠮᠵᠢᠶ᠎ᠠ ᠪᠦᠬᠦᠢ ᠪᠦᠳᠦᠭᠦᠯᠢᠭ᠂ ᠳᠠᠬᠢᠨ ᠠᠰᠢᠭᠯᠠᠬᠤ ᠶᠠᠰᠤᠨ ᠤ ᠮᠠᠲ᠋ᠧᠷᠢᠶᠠᠯ ᠳᠤ᠂ ᠱᠦᠢᠨᠢ᠂ ᠨᠡᠭᠦᠷᠡᠰᠦᠨ ᠨᠤᠨᠳᠤᠭ ᠵᠢᠴᠢ ᠪᠤᠰᠤᠳ ᠨᠡᠮᠡᠯᠲᠡ ᠡᠳ᠋ ᠵᠡᠷᠭᠡ ᠶᠢ ᠨᠡᠶᠢᠯᠡᠭᠦᠯᠵᠦ ᠶᠠᠪᠠᠭᠠᠨ ᠵᠠᠮ ᠳᠤ ᠲᠣᠭᠤᠰᠭ᠎ᠠ ᠪᠤᠯᠭᠠᠨ ᠬᠡᠷᠡᠭᠯᠡᠵᠦ᠂ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠯᠲᠡ ᠶᠢᠨ ᠬᠡᠮᠵᠢᠶ᠎ᠡ ᠶᠢ ᠪᠦᠲᠦᠮᠵᠢᠲᠡᠢ ᠪᠠᠷ ᠠᠷᠪᠢᠯᠠᠨ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠤᠷᠠᠭᠤᠯᠵᠤ᠂ ᠣᠷᠴᠢᠯ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ᠃       ᠵᠤᠬᠢᠶᠠᠭᠴᠢ ᠶᠢᠨ ᠦᠵᠡᠬᠦ ᠪᠠᠷ᠂ ᠬᠠᠢ ᠳ᠋ᠢᠶᠠᠨ ᠲᠣᠭᠤᠷᠢᠭ ᠤᠨ ᠡᠨᠡᠬᠦ ᠦᠢᠯᠡᠳᠦᠯᠭᠡ ᠪᠣᠯ ᠶᠠᠭ ︽ᠪᠠᠷᠢᠯᠭ᠎ᠠ ᠶᠢᠨ ᠬᠤᠭ ᠨᠣᠪᠰᠢ ᠶᠢ ᠡᠷᠳᠡᠨᠢ ᠪᠣᠯᠭᠠᠨ ᠬᠤᠪᠢᠷᠠᠭᠤᠯᠬᠤ︾ ᠣᠶᠢᠯᠠᠭᠠᠭᠳᠠᠬᠤᠨ ᠤ ᠠᠮᠢᠳᠤᠯᠢᠭ ᠲᠠᠶᠢᠯᠪᠤᠷᠢᠯᠠᠯᠲᠠ ᠪᠣᠯᠤᠨ᠎ᠠ᠂ ᠨᠡᠩ ᠴᠤ ᠡᠬᠢ ᠪᠠᠶᠠᠯᠢᠭ ᠢ ᠡᠷᠭᠢᠯᠳᠦᠭᠦᠯᠦᠨ ᠲᠠᠬᠢᠨ ᠠᠰᠢᠭᠯᠠᠬᠤ ᠵᠠᠭᠪᠤᠷ ᠤᠨ ᠲᠤᠬᠠᠢ ᠪᠦᠲᠦᠮᠵᠢᠲᠡᠢ ᠰᠦᠪᠡᠭᠴᠢᠯᠡᠯᠲᠡ ᠪᠣᠯᠤᠨ᠎ᠠ᠂ ᠳᠡᠯᠭᠡᠷᠡᠭᠦᠯᠦᠭᠦᠰᠢᠲᠡᠢ ᠪᠠᠶᠢᠨ᠎ᠠ᠃      ᠡᠬᠢ ᠪᠠᠶᠠᠯᠢᠭ ᠢ ᠠᠷᠪᠢᠯᠠᠬᠤ ᠲᠠᠯ᠎ᠠ ᠪᠠᠷ᠂ ᠪᠠᠷᠢᠯᠭ᠎ᠠ ᠶᠢᠨ ᠬᠤᠭ ᠨᠣᠪᠰᠢ ᠳᠠᠬᠢ ᠬᠠᠶᠠᠭᠳᠠᠮᠠᠯ ᠬᠠᠭᠤᠴᠢᠨ ᠪᠣᠯᠣᠳ ᠮᠠᠲ᠋ᠧᠷᠢᠶᠠᠯ᠂ ᠪᠧᠲ᠋ᠤᠨ ᠬᠡᠮᠬᠡᠷᠬᠡᠶ᠂ ᠬᠠᠶᠠᠭᠳᠠᠮᠠᠯ ᠬᠠᠭᠤᠴᠢᠨ ᠮᠣᠳᠣᠨ ᠮᠠᠲ᠋ᠧᠷᠢᠶᠠᠯ ᠵᠡᠷᠭᠡ ᠡᠭᠡᠭᠦᠯᠦᠨ ᠬᠤᠷᠢᠶᠠᠵᠤ ᠪᠣᠯᠬᠤ ᠮᠠᠲ᠋ᠧᠷᠢᠶᠠᠯ ᠢ ᠰᠢᠢᠳᠪᠦᠷᠢᠯᠡᠵᠦ ᠡᠳ᠋ᠰᠢᠭᠦᠯᠬᠦ ᠪᠠᠷ ᠲᠠᠮᠵᠢᠭᠤᠯᠤᠨ ᠪᠠᠷᠢᠯᠭ᠎ᠠ ᠶᠢᠨ ᠠᠵᠢᠯ᠂ ᠵᠠᠮ ᠵᠠᠰᠠᠬᠤ ᠵᠡᠷᠭᠡ ᠬᠦᠷᠢᠶᠡᠨ ᠤ ᠲᠦᠭᠦᠬᠡᠶ ᠮᠠᠲ᠋ᠧᠷᠢᠶᠠᠯ ᠪᠤᠯᠭᠠᠵᠤ᠂ ᠤᠤᠯ ᠤᠨ ᠡᠬᠢ ᠪᠠᠶᠠᠯᠢᠭ ᠢ ᠨᠡᠭᠡᠭᠡᠨ ᠮᠠᠯᠲᠠᠬᠤ ᠬᠡᠷᠡᠭᠴᠡᠭᠡ ᠶᠢ ᠪᠠᠭᠠᠰᠬᠠᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠳᠤ ᠰᠢᠨ᠎ᠡ ᠠᠷᠭ᠎ᠠ ᠵᠠᠮ ᠢ ᠨᠡᠭᠡᠭᠡᠵᠦ ᠥᠭᠴᠡᠶ᠃      ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ᠂ ᠪᠤᠯᠠᠬᠤ ᠪᠠ ᠰᠢᠲᠠᠭᠠᠬᠤ ᠵᠡᠷᠭᠡ ᠤᠯᠠᠮᠵᠢᠯᠠᠯᠲᠤ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠠᠷᠭ᠎ᠠ ᠬᠡᠯᠪᠡᠷᠢ ᠨᠢ ᠣᠷᠴᠢᠨ ᠲᠣᠭᠤᠷᠢᠨ ᠳᠤ ᠠᠳᠠᠯᠢ ᠪᠤᠰᠤ ᠬᠡᠮᠵᠢᠶᠡᠨ ᠤ ᠨᠠᠵᠠᠭᠠᠶ ᠨᠥᠯᠥᠭᠡ ᠦᠵᠡᠭᠦᠯᠬᠦ ᠪᠣᠯᠤᠨ᠎ᠠ᠃ ᠭᠡᠲᠡᠯ᠎ᠡ ᠬᠠᠶ ᠳ᠋ᠢᠶᠠᠨ ᠲᠣᠭᠤᠷᠢᠭ ᠨᠢ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠷᠢᠯᠭ᠎ᠠ ᠶᠢᠨ ᠬᠤᠭ ᠨᠣᠪᠰᠢ ᠶᠢ ᠬᠡᠷᠡᠭᠴᠡᠭᠡ ᠲᠠᠢ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠪᠦᠷᠢᠯᠭᠡᠬᠦ ᠪᠠ ᠣᠷᠴᠢᠨ ᠲᠣᠭᠤᠷᠢᠨ ᠤ ᠪᠣᠬᠢᠷᠲᠤᠯ ᠬᠤᠷᠴᠠᠳᠬᠤ ᠠᠴᠠ ᠪᠦᠲᠦᠮᠵᠢᠲᠡᠶ ᠵᠠᠶᠢᠯᠠᠰᠬᠢᠵᠦ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃      ᠣᠷᠴᠢᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠣᠷᠴᠢᠯ ᠠᠵᠤ ᠠᠬᠤᠶ ᠨᠢ ᠡᠬᠢ ᠪᠠᠶᠠᠯᠢᠭ ᠤᠨ ᠬᠡᠮᠵᠢᠶ᠎ᠡ ᠶᠢ ᠪᠠᠭᠠᠰᠬᠠᠬᠤ᠂ ᠳᠠᠬᠢᠨ ᠠᠰᠢᠭᠯᠠᠬᠤ ᠪᠠ ᠳᠠᠬᠢᠨ ᠡᠷᠭᠢᠯᠳᠦᠭᠦᠯᠬᠦ ᠶᠢ ᠰᠠᠨᠠᠭᠠᠴᠢᠯᠠᠵᠤ᠂ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠪᠡ᠃ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠪᠣᠯ ᠶᠠᠭ ᠡᠨᠡ ᠬᠦ ᠣᠶᠢᠯᠠᠭᠠᠭᠳᠠᠬᠤᠨ ᠤ ᠠᠮᠢᠳᠤᠯᠢᠭ ᠢᠯᠡᠷᠡᠯ ᠮᠥᠨ᠃ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠠᠪᠬᠤ ᠰᠢᠰᠲ᠋ᠧᠮ ᠪᠠ ᠰᠢᠢᠳᠪᠦᠷᠢᠯᠡᠬᠦ ᠮᠡᠷᠭᠡᠵᠢᠯ ᠤᠨ ᠲᠡᠭᠦᠯᠳᠡᠷᠵᠢᠬᠦ ᠶᠢ ᠳᠠᠭᠠᠯᠳᠤᠨ᠂ ᠬᠠᠶᠠᠭᠳᠠᠮᠠᠯ ᠪᠣᠳᠠᠰ ᠢ ᠡᠬᠢ ᠪᠠᠶᠠᠯᠢᠭ ᠪᠣᠯᠭᠠᠨ ᠬᠤᠪᠢᠷᠠᠭᠤᠯᠵᠤ ᠪᠣᠯᠣᠨ᠎ᠠ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠢ ᠪᠠᠷ ᠪᠠᠷᠠᠬᠤ ᠦᠭᠡᠢ᠂ ᠪᠠᠰᠠ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠠᠵᠢᠯ ᠣᠯᠭᠤᠬᠤ ᠲᠣᠬᠢᠶᠠᠯ ᠢ ᠨᠡᠮᠡᠭᠳᠡᠭᠦᠯᠵᠦ ᠴᠢᠳᠠᠨ᠎ᠠ᠃      ᠳᠡᠭᠡᠷᠡᠬᠢ ᠶᠢ ᠬᠤᠷᠢᠶᠠᠩᠭᠤᠶᠢᠯᠠᠪᠠᠯ᠂ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠪᠠᠷᠢᠯᠭ᠎ᠠ ᠶᠢᠨ ᠬᠤᠭ ᠨᠣᠪᠰᠢ ᠶᠢ ᠦᠨ᠎ᠡ ᠥᠷᠲᠡᠭ ᠲᠠᠢ ᠳᠠᠬᠢᠯᠲᠠ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠡᠬᠢ ᠪᠠᠶᠠᠯᠢᠭ ᠤᠨ ᠳᠠᠷᠤᠯᠲᠠ ᠶᠢ ᠬᠥᠩᠭᠡᠷᠡᠭᠦᠯᠦᠭᠰᠡᠨ ᠮᠥᠷᠲᠡᠭᠡᠨ ᠪᠠᠰᠠ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠭᠰᠠᠨ ᠪᠠᠶᠢᠨ᠎ᠠ᠃ ᠤᠯᠠᠨ ᠭᠠᠵᠠᠷ ᠤᠨ ᠬᠢᠨ ᠢᠷᠡᠭᠡᠳᠦᠶ ᠳᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠢ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠵᠦ᠂ ᠣᠷᠴᠢᠯ ᠠᠵᠤ ᠠᠬᠤᠶ ᠶᠢᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠣᠷᠴᠢᠨ ᠠᠬᠤᠶ ᠶᠢᠨ ᠬᠠᠮᠠᠭᠠᠯᠠᠯᠲᠠ᠂ ᠥᠨᠳᠥᠷ ᠪᠦᠲᠦᠮᠵᠢᠲᠡᠶ᠂ ᠦᠷᠭᠦᠯᠵᠢᠯᠡᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1