ᠲᠣᠭᠲᠠᠬᠤ ᠰᠢᠶᠠᠨ᠄ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠥᠳᠡᠭᠡ ᠲᠣᠰᠬᠤᠨ ᠤ ᠵᠢᠭᠤᠯᠴᠢᠯᠠᠯ ᠢ ᠬᠦᠭᠵᠢᠭᠦᠯᠦᠶ᠎ᠡ
ᠨᠡᠶᠢᠲᠡᠯᠡᠭᠰᠡᠨ ᠴᠠᠭ᠄
2024/8/23
       ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠾᠧ ᠺᠸᠤ ᠶᠢᠨ ᠵᠤᠭᠠᠴᠠᠯ ᠤᠨ ᠠᠮᠠᠷᠠᠯᠲᠠ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠣᠨᠴᠠᠯᠢᠭ ᠢ ᠡᠭᠦᠳᠴᠦ᠂ ᠬᠠᠳᠤᠨ ᠭᠤᠣᠯ ᠤᠨ ᠦᠵᠡᠮᠵᠢ ᠶᠢᠨ ᠤᠷᠤᠨ ᠤ ᠨᠠᠮ ᠤᠨ ᠪᠠᠶᠢᠭᠤᠯᠤᠯᠲᠠ ᠶᠢᠨ ᠰᠣᠶᠣᠯ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠬᠦᠴᠦᠷᠬᠡᠭ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠤᠢ ᠪᠣᠯᠭᠠᠵᠤ᠂ ᠡᠭᠦᠨ ᠤ ᠤᠯᠠᠮ ᠢᠶᠠᠷ ᠲᠣᠭᠲᠠᠬᠤ ᠵᠤᠭᠠᠴᠠᠯ ᠤᠨ ᠲᠦᠷᠦᠯ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠵᠦ᠂ ᠠᠷᠠᠳ ᠤᠯᠠᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠭᠤᠨ᠎ᠠ᠃      ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤᠮᠳᠠ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢ ᠲᠤᠪᠤᠶᠢᠯᠭᠠᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠬᠤᠷᠢᠶ᠎ᠠ᠂ ᠡᠭᠦᠷ ᠤᠨ ᠺᠤᠮᠢᠰ᠂ ᠨᠠᠮ ᠤᠨ ᠭᠡᠰᠢᠭᠦᠨ ᠤ ᠶᠡᠭᠡ ᠬᠤᠷᠠᠯ ᠬᠤᠷᠠᠯᠳᠤᠭᠤᠯᠬᠤ ᠪᠠᠷ ᠳᠠᠮᠵᠢᠨ ᠬᠥᠭᠵᠢᠯᠲᠡ ᠶᠢᠨ ᠰᠡᠳᠬᠢᠴᠡ ᠶᠢ ᠵᠥᠪᠳᠡᠯᠴᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠲᠠᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠠᠯᠬᠤᠮ ᠠᠯᠬᠤᠮ ᠢᠶᠠᠷ ᠪᠤᠵᠠᠭᠠᠶᠢᠷᠠᠭᠤᠯᠪᠠ᠃    ᠴᠢᠳᠠᠪᠤᠷᠢᠲᠠᠨ ᠤ ᠡᠩᠨᠡᠭᠡ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ ᠰᠣᠶᠣᠯ ᠤᠨ ᠬᠥᠭᠵᠢᠯᠲᠡ ᠶᠢ ᠠᠬᠢᠭᠤᠯᠤᠨ᠎ᠠ᠃ 20 ᠨᠡᠷᠡᠰ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠣᠮᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠩᠨᠡᠭᠡ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠬᠦ ᠶᠢᠨ ᠬᠠᠮᠲᠤ᠂ ᠤᠨᠴᠠᠯᠢᠬᠳᠤ ᠠᠷᠠᠳ ᠤᠨ ᠵᠠᠩ ᠦᠢᠯᠡ ᠶᠢᠨ ᠰᠣᠶᠣᠯ᠂ ᠪᠣᠳᠠᠰ ᠤᠨ ᠪᠤᠰᠤ ᠰᠣᠶᠣᠯ᠂ ᠠᠷᠠᠳ ᠤᠨ ᠤᠯᠠᠮᠵᠢᠯᠠᠯ ᠶᠠᠷᠢᠶ᠎ᠠ ᠵᠡᠷᠭᠡ ᠬᠥᠳᠡᠭᠡ ᠲᠣᠰᠬᠤᠨ ᠤ ᠰᠣᠶᠣᠯ ᠢ ᠭᠦᠨᠵᠡᠭᠡᠢ ᠠᠭᠤᠳᠠᠯᠵᠤ᠂ ᠡᠨᠡᠬᠦ ᠰᠠᠭᠤᠷᠢᠨ ᠳᠡᠭᠡᠷ᠎ᠡ ᠨᠤᠲᠤᠭ ᠤᠨ ᠣᠨᠴᠠᠯᠢᠭ ᠲᠠᠢ ᠰᠡᠯᠡᠭᠦᠴᠡᠯ ᠤᠨ ᠲᠠᠷᠢᠶᠠᠯᠠᠩ ᠤᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ᠂ ᠲᠠᠷᠢᠶᠠᠴᠢᠨ ᠠᠶᠢᠯ ᠤᠨ ᠵᠤᠭᠠᠴᠠᠯ ᠵᠡᠷᠭᠡ ᠶᠢ ᠴᠣᠭᠴᠠᠯᠠᠵᠤ᠂ ᠤᠯᠠᠨ ᠲᠦᠮᠡᠨ ᠢ ᠭᠠᠵᠠᠷ ᠪᠣᠯᠭᠠᠨ ᠳᠤ ᠨᠤᠲᠤᠭ ᠤᠨ ᠨᠣᠭᠤᠭ᠎ᠠ ᠶᠢ ᠡᠳ᠋ᠯᠡᠭᠦᠯᠵᠦ᠂ ᠨᠤᠲᠤᠭ ᠤᠨ ᠮᠦᠷᠦᠭᠡᠳᠦᠯ ᠢ ᠡᠳ᠋ᠯᠡᠭᠦᠯᠦᠨ᠎ᠡ᠃      ︽ᠲᠠᠪᠤᠨ ᠬᠦᠴᠦᠷᠬᠡᠭ︾ ᠪᠠᠷᠢᠮᠵᠢᠶ᠎ᠠ ᠶᠢ ᠴᠢᠩᠭ᠎ᠠ ᠰᠠᠬᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ ᠢᠳᠡᠭᠡᠨ ᠤᠮᠳᠠᠭᠠᠨ ᠤ ᠬᠥᠭᠵᠢᠯᠲᠡ ᠶᠢ ᠠᠬᠢᠭᠤᠯᠤᠨ᠎ᠠ᠃ ︽ᠲᠠᠪᠤᠨ ᠬᠦᠴᠦᠷᠬᠡᠭ︾ ᠪᠠᠷᠢᠮᠵᠢᠶ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠂ ᠲᠤᠬᠠᠶᠢᠯᠠᠪᠠᠯ ᠤᠯᠤᠰ ᠲᠦᠷᠦ ᠶᠢᠨ ᠴᠢᠳᠠᠮᠵᠢ ᠪᠠᠷ ᠴᠢᠩᠭ᠎ᠠ᠂ ᠡᠩᠨᠡᠭᠡᠨ ᠤ ᠪᠠᠶᠢᠭᠤᠯᠤᠯᠲᠠ ᠪᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢᠶᠠᠷ ᠴᠢᠩᠭ᠎ᠠ᠂ ᠦᠢᠯᠡᠳᠦᠯ ᠢᠶᠠᠨ ᠪᠠᠳᠠᠷᠠᠭᠤᠯᠬᠤ ᠪᠠᠷ ᠴᠢᠩᠭ᠎ᠠ᠂ ᠤᠯᠠᠨ ᠲᠦᠮᠡᠨ ᠤ ᠠᠵᠢᠯ ᠢᠶᠠᠷ ᠴᠢᠩᠭ᠎ᠠ ᠪᠤᠯᠤᠨ᠎ᠠ᠃ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ᠂ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶᠠᠴᠢᠨ ᠠᠶᠢᠯ ᠤᠨ ᠵᠤᠭᠠᠴᠠᠯ ᠢ ᠡᠭᠦᠳᠦᠨ ᠪᠠᠶᠢᠭᠤᠯᠵᠤ᠂ ᠲᠠᠷᠢᠶᠠᠴᠢᠨ ᠡᠷᠦᠬᠡ ᠳᠤ ᠠᠷᠭ᠎ᠠ ᠤᠬᠠᠭᠠᠨ ᠭᠠᠷᠭᠠᠵᠤ᠂ ᠰᠡᠳᠬᠢᠴᠡ ᠪᠠᠨ ᠥᠷᠭᠡᠳᠬᠡᠵᠦ᠂ ᠬᠥᠳᠡᠭᠡ ᠲᠣᠰᠬᠤᠨ ᠤ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠦᠷᠭᠡᠳᠭᠡᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1