ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 2024 ᠣᠨ ᠤ 8 ᠰᠠᠷ᠎ᠠ ᠳᠤ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠥᠯᠥᠪᠯᠡᠭᠡᠲᠦ ᠦᠷᠡᠵᠢᠯ ᠤᠨ ᠲᠥᠷᠥᠯ ᠤᠨ ᠪᠡᠯᠡ ᠮᠥᠩᠭᠦ 139.83 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/8/23
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ      8 ᠰᠠᠷ᠎ᠠ ᠳᠤ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 139.83 ᠲᠦᠮᠡᠨ ᠲᠥᠭᠦᠷᠢᠭ᠂ 1251 ᠬᠥᠮᠥᠨ ᠤᠳᠠᠭ᠎ᠠ ᠲᠠᠷᠬᠠᠭᠠᠭᠰᠠᠨ ᠪᠠᠶᠢᠨ᠎ᠠ᠃ ᠡᠭᠦᠨ ᠳᠤ ᠲᠥᠯᠥᠪᠯᠡᠭᠡᠲᠦ ᠦᠷᠡᠵᠢᠯ ᠤᠨ ᠨᠥᠬᠦᠪᠦᠷᠢ 138.88 ᠲᠦᠮᠡᠨ ᠲᠥᠭᠦᠷᠢᠭ ᠪᠠᠶᠢᠵᠤ᠂ 1250 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠦᠷ᠎ᠡ ᠶᠢᠨ ᠭᠠᠭᠴᠠ ᠬᠡᠦᠬᠡᠳ ᠤᠨ ᠡᠴᠢᠭᠡ ᠡᠬᠡ ᠶᠢ ᠱᠠᠩᠨᠠᠬᠤ ᠵᠠᠷᠤᠳᠠᠯ 7.13 ᠲᠦᠮᠡᠨ ᠲᠥᠭᠦᠷᠢᠭ ᠬᠦᠷᠴᠦ᠂ 297 ᠬᠥᠮᠥᠨ ᠤᠳᠠᠭ᠎ᠠ ᠳᠤ ᠠᠰᠢᠭ ᠬᠦᠷᠲᠡᠭᠡᠪᠡ︔ 86.50 ᠲᠦᠮᠡᠨ ᠲᠥᠭᠦᠷᠢᠭ ᠤᠨ ᠱᠠᠩᠨᠠᠨ ᠲᠡᠳᠬᠦᠬᠦ ᠵᠠᠷᠤᠳᠠᠯ ᠢ ᠱᠠᠩᠨᠠᠵᠤ᠂ 901 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠣᠨᠴᠠ ᠱᠠᠩᠨᠠᠨ ᠲᠡᠳᠬᠦᠬᠦ ᠨᠥᠬᠦᠪᠦᠷᠢ 46.21 ᠲᠦᠮᠡᠨ ᠲᠥᠭᠦᠷᠢᠭ ᠬᠦᠷᠴᠦ᠂ 53 ᠬᠥᠮᠥᠨ ᠤᠳᠠᠭ᠎ᠠ ᠳᠤ ᠠᠰᠢᠭ ᠬᠦᠷᠲᠡᠭᠡᠪᠡ᠃      ᠳᠠᠷᠠᠭ᠎ᠠ ᠰᠠᠷ᠎ᠠ ᠳᠤ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠠᠮᠤᠷ ᠲᠦᠪᠰᠢᠨ ᠢᠶᠠᠷ  ᠴᠠᠭ ᠲᠤᠬᠠᠢ ᠳᠤᠨᠢ  ᠭᠦᠢᠴᠡᠳ ᠲᠤᠭ᠎ᠠ ᠪᠠᠷ ᠬᠤᠳᠠ ᠬᠥᠳᠡᠭᠡ ᠶᠢᠨ ᠰᠠᠭᠤᠭᠠᠯᠢ ᠠᠷᠠᠳ ᠪᠣᠯᠣᠨ ᠮᠠᠯᠴᠢᠨ ᠲᠠᠷᠢᠶᠠᠴᠢᠨ ᠳᠤ ᠣᠯᠭᠤᠬᠤ ᠶᠢ ᠪᠠᠲᠤᠯᠠᠵᠤ᠂ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ᠂ ᠬᠠᠨᠤᠮᠵᠢᠲᠠᠢ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ  ᠤᠯᠠᠮ ᠨᠡᠮᠡᠭᠳᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1