ᠡᠷᠲᠡᠨ ᠤ ᠬᠤᠲᠠ ᠶᠢᠨ ᠵᠤᠭᠠᠴᠠᠯ ᠳᠤ ᠳᠤᠭᠤᠢ ᠲᠡᠷᠭᠡᠨ ᠤ ᠠᠰᠢᠭᠯᠠᠯᠳᠠ ᠶᠢ  ᠨᠠᠷᠢᠯᠢᠭᠵᠢᠭᠤᠯᠪᠠᠯ ᠵᠤᠬᠢᠨ᠎ᠠ
ᠨᠡᠶᠢᠲᠡᠯᠡᠭᠰᠡᠨ ᠴᠠᠭ᠄
2024/8/23
      ᠮᠡᠳᠡᠭᠡᠯᠡᠯ ᠢ ᠦᠨᠳᠦᠰᠦᠯᠡᠪᠡᠯ᠂ ᠬᠤᠲᠠ ᠶᠢᠨ ᠳᠤᠭᠤᠢ ᠲᠡᠷᠭᠡᠨ ᠤ ᠠᠰᠢᠭᠯᠠᠯᠳᠠ ᠶᠢᠨ ᠨᠡᠮᠡᠭᠳᠡᠯ ᠢ ᠳᠠᠭᠠᠯᠳᠤᠨ᠂ ᠤᠯᠠᠮ ᠠᠴᠠ ᠤᠯᠠᠮ ᠣᠯᠠᠨ ᠬᠥᠮᠦᠨ ᠳᠤᠭᠤᠢ ᠤᠨᠤᠬᠤ ᠬᠡᠯᠪᠡᠷᠢ ᠪᠠᠷ ᠡᠷᠲᠡᠨ ᠤ ᠬᠤᠲᠠ ᠶᠢᠨ ᠷᠢᠳᠢ ᠰᠢᠳᠢ᠂ ᠭᠤᠶᠣ ᠰᠠᠶᠢᠬᠠᠨ ᠦᠵᠡᠮᠵᠢ ᠶᠢ ᠮᠡᠳᠡᠷᠡᠵᠦ ᠤᠶᠢᠯᠠᠭᠠᠬᠤ ᠪᠤᠯᠵᠠᠢ᠃ ᠡᠨᠡ ᠵᠢᠯ ᠠᠴᠠ ᠨᠠᠰᠢ᠂ ᠵᠢᠶᠠᠩᠰᠦ ᠮᠣᠵᠢ ᠶᠢᠨ ᠰᠦᠵᠸᠤ ᠬᠤᠲᠠ ᠶᠢᠨ ᠭᠦ᠋ ᠰᠦ᠋ ᠲᠣᠭᠤᠷᠢᠭ ᠠᠴᠠ ᠭᠠᠵᠠᠷ ᠣᠷᠣᠨ ᠤ ᠪᠡᠨ ᠪᠠᠶᠢᠳᠠᠯ  ᠳᠠᠭᠠᠨ ᠲᠣᠬᠢᠷᠠᠭᠤᠯᠤᠨ ᠡᠷᠲᠡᠨ ᠤ ᠬᠤᠲᠠ ᠶᠢᠨ ᠲᠤᠭᠤᠷᠢᠭ ᠤᠨ ᠬᠠᠮᠳᠤᠪᠡᠷ ᠡᠳ᠋ᠯᠡᠬᠦ ᠳᠤᠭᠤᠢ ᠲᠡᠷᠭᠡ ᠶᠢ ᠵᠢᠷᠤᠮᠵᠢᠭᠤᠯᠤᠨ ᠵᠠᠰᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠬᠤᠲᠠ ᠶᠢᠨ ᠠᠷᠠᠳ ᠤᠨ ᠳᠤᠭᠤᠢ ᠲᠡᠷᠭᠡ ᠡᠳ᠋ᠯᠡᠬᠦ ᠤᠷᠴᠢᠨ ᠨᠦᠬᠦᠴᠡᠯ ᠢ ᠨᠡᠩ ᠳᠥᠭᠦᠮ᠂ ᠨᠡᠩ ᠲᠠᠭᠠᠯᠠᠮᠵᠢᠲᠠᠢ ᠪᠤᠯᠭᠠᠵᠠᠢ᠃      ᠵᠣᠬᠢᠶᠠᠭᠴᠢ ᠶᠢᠨ ᠦᠵᠡᠬᠦ ᠪᠠᠷ᠂ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ ᠪᠠᠷ ᠡᠷᠲᠡᠨ ᠤ ᠬᠤᠳᠠ ᠶᠢᠨ ᠳᠤᠭᠤᠶ ᠲᠡᠷᠭᠡ ᠪᠠᠷ ᠵᠤᠭᠠᠴᠠᠬᠤ ᠠᠵᠢᠯᠯᠠᠭ᠎ᠠ ᠶᠢ ᠬᠦᠭᠵᠢᠭᠦᠯᠬᠦ ᠪᠣᠯ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠢᠭᠡ ᠤᠳᠠᠭᠠᠨ ᠤ ᠰᠢᠨ᠎ᠡ ᠶᠢ ᠡᠭᠦᠳᠦᠭᠰᠡᠨ ᠦᠢᠯᠡᠳᠦᠯᠭᠡ ᠪᠣᠯᠤᠨ᠎ᠠ᠃ ᠬᠤᠲᠠ ᠶᠢᠨ ᠠᠷᠠᠳ ᠪᠠ ᠵᠤᠭᠠᠴᠠᠭᠰᠠᠳ ᠤᠨ ᠠᠮᠤᠷ ᠲᠦᠪᠰᠢᠨ ᠢ ᠨᠠᠩ ᠰᠠᠶᠢᠲᠤᠷ ᠪᠠᠲᠤᠯᠠᠬᠤ ᠶᠢᠨ ᠲᠥᠯᠥᠭᠡ᠂ ᠴᠡᠭ ᠪᠠᠶᠢᠷᠢ ᠶᠢᠨ ᠪᠠᠶᠢᠷᠢᠯᠠᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ ᠶᠢ ᠴᠢᠩᠭᠠᠳᠬᠠᠬᠤ᠂ ᠰᠠᠯᠠᠭ᠎ᠠ ᠮᠦᠴᠢᠷ ᠬᠠᠮᠵᠢᠯᠴᠠᠨ ᠬᠠᠮᠲᠤᠪᠠᠷ ᠵᠠᠰᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠤᠭᠤᠶ ᠤᠨᠤᠬᠤ ᠳᠥᠭᠦᠮ ᠳᠥᠲᠡ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠤᠲᠠ ᠶᠢᠨ ᠠᠷᠠᠳ ᠪᠠ ᠵᠤᠭᠠᠴᠠᠭᠰᠠᠳ ᠲᠤ ᠨᠠᠩ ᠴᠢᠨᠠᠷ ᠰᠠᠶᠢᠲᠠᠶ ᠪᠣᠬᠢᠷᠲᠤᠯ ᠥᠬᠡᠶ ᠶᠠᠪᠤᠵᠤ ᠰᠠᠭᠤᠬᠤ ᠣᠶᠢᠯᠠᠭᠠᠯᠲᠠ ᠬᠠᠩᠭᠠᠪᠠᠯ ᠵᠣᠬᠢᠨ᠎ᠠ᠃     ᠡᠩ ᠲᠡᠷᠢᠭᠦᠨ ᠳᠤ᠂ ᠴᠡᠭ ᠪᠠᠶᠢᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠷ ᠳᠠᠮᠵᠢᠭᠤᠯᠤᠨ᠂   ᠬᠠᠮᠳᠤᠪᠡᠷ ᠪᠠᠷ ᠡᠳ᠋ᠯᠡᠬᠦ ᠳᠤᠭᠤᠶ ᠲᠡᠷᠭᠡᠨ ᠵᠤᠭᠰᠤᠭᠠᠯ ᠢ ᠵᠦᠶ ᠵᠣᠬᠢᠰᠲᠠᠶ ᠪᠠᠶᠢᠷᠢᠯᠠᠭᠤᠯᠵᠤ᠂ ᠳᠤᠭᠤᠶ ᠲᠡᠷᠭᠡ ᠬᠡᠷᠡᠭᠯᠡᠭᠴᠢᠳ ᠤᠨ ᠳᠥᠭᠦᠮ ᠳᠥᠲᠡ ᠪᠠᠷ ᠡᠷᠢᠵᠦ ᠣᠯᠬᠤ ᠪᠠ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠷᠲᠡᠨ ᠤ ᠬᠤᠲᠠ ᠶᠢᠨ ᠣᠨᠴᠠᠯᠢᠭ ᠪᠠ ᠬᠤᠲᠠ ᠶᠢᠨ ᠠᠷᠠᠳ᠂ ᠵᠤᠭᠠᠴᠠᠭᠰᠠᠳ ᠤᠨ ᠬᠡᠷᠡᠭᠴᠡᠭᠡ ᠶᠢ ᠦᠨᠳᠦᠰᠦᠯᠡᠨ᠂ ᠣᠨᠴᠠᠭᠠᠶᠢᠯᠠᠨ ᠬᠠᠯᠠᠮᠰᠢᠯ ᠦᠵᠡᠮᠵᠢ ᠶᠢᠨ ᠤᠷᠤᠨ ᠪᠠ ᠲᠡᠦᠬᠡ ᠰᠣᠶᠣᠯ ᠤᠨ ᠵᠡᠭᠡᠯᠢ ᠲᠣᠭᠤᠷᠢᠭ ᠲᠤ ᠳᠤᠭᠤᠶ ᠲᠡᠷᠭᠡᠨ ᠤ ᠥᠷᠲᠡᠭᠡ ᠴᠡᠭ ᠢ ᠨᠡᠮᠡᠨ ᠪᠠᠶᠢᠭᠤᠯᠵᠤ᠂ ᠳᠤᠭᠤᠶ ᠲᠡᠷᠭᠡᠨ ᠤ ᠪᠠᠶᠢᠷᠢᠯᠠᠭᠤᠯᠤᠯᠳᠠ ᠶᠢ ᠤᠯᠠᠮ ᠨᠢᠭᠡ ᠠᠯᠬᠤᠮ ᠨᠢᠭᠳᠠᠷᠠᠭᠤᠯᠵᠤ᠂ ᠳᠤᠭᠤᠶ ᠤᠨᠤᠬᠤ ᠳᠥᠭᠦᠮ ᠳᠥᠲᠡ ᠴᠢᠨᠠᠷ ᠪᠠ ᠲᠠᠭᠠᠯᠠᠮᠵᠢᠲᠠᠶ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠳᠠᠷᠠᠭᠠᠯᠠᠪᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠴᠢᠩᠭᠠᠳᠬᠠᠵᠤ᠂ ᠢᠲᠡᠭᠡᠮᠵᠢ ᠶᠢᠨ ᠬᠠᠮᠢᠶᠠᠷᠤᠯᠲᠠ ᠶᠢ ᠲᠤᠷᠰᠢᠨ ᠬᠡᠷᠡᠭᠵᠢᠭᠦᠯᠦᠨ᠎ᠡ᠃ ᠤᠶᠤᠨᠴᠢᠯᠠᠭᠰᠠᠨ ᠣᠨᠢᠰᠣ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠬᠡᠷᠡᠭᠯᠡᠵᠦ᠂ ᠬᠠᠮᠳᠤᠪᠡᠷ ᠪᠠᠷ ᠡᠳ᠋ᠯᠡᠬᠦ ᠳᠤᠭᠤᠢ ᠲᠡᠷᠭᠡᠨ ᠤ ᠬᠠᠮᠢᠶᠠᠷᠤᠯᠲᠠ ᠶᠢ ᠨᠠᠷᠢᠯᠢᠭᠵᠢᠭᠤᠯᠤᠨ᠎ᠠ᠃ ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠢ ᠲᠤᠷᠰᠢᠨ ᠬᠡᠷᠡᠭᠵᠢᠭᠦᠯᠬᠦ ᠪᠠᠷ ᠳᠠᠮᠵᠢᠭᠤᠯᠤᠨ᠂ ᠲᠡᠷᠭᠡ ᠬᠡᠷᠡᠭᠯᠡᠭᠴᠢᠳ ᠤᠨ ᠪᠣᠯᠪᠠᠰᠤᠨ ᠢᠶᠠᠷ ᠲᠡᠷᠭᠡ ᠬᠡᠷᠡᠭᠯᠡᠵᠦ᠂ ᠲᠡᠷᠭᠡ ᠵᠣᠭᠰᠣᠭᠠᠬᠤ ᠶᠢ ᠵᠣᠷᠢᠭᠵᠢᠭᠤᠯᠵᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂  ᠵᠤᠷᠢᠭᠤᠳᠠ ᠡᠪᠳᠡᠬᠦ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠪᠦᠲᠦᠮᠵᠢᠲᠡᠶ ᠪᠠᠭᠠᠰᠬᠠᠨ᠎ᠠ᠃ ᠡᠶᠢᠮᠦᠷᠬᠦᠦ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠬᠠᠮᠳᠤᠪᠡᠷ ᠪᠠᠷ ᠡᠳ᠋ᠯᠡᠬᠦ ᠳᠤᠭᠤᠶ ᠲᠡᠷᠭᠡᠨ ᠤ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠡᠷᠲᠡᠨ ᠤ ᠬᠤᠲᠠ ᠶᠢᠨ ︽ᠬᠤᠲᠠ ᠶᠢᠨ ᠳᠦᠷᠢ ᠲᠥᠷᠬᠦ︾ ᠶᠢ ᠬᠠᠮᠠᠭᠠᠯᠠᠵᠤ ᠴᠢᠳᠠᠬᠤ ᠪᠤᠯᠤᠨ᠎ᠠ᠃      ᠬᠠᠮᠤᠭ ᠰᠡᠭᠦᠯ ᠳᠤ᠂ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠵᠢᠯᠴᠠᠨ ᠬᠠᠮᠲᠤ ᠪᠠᠷ ᠵᠠᠰᠠᠬᠤ ᠠᠵᠢᠯ ᠢ ᠥᠷᠨᠢᠭᠦᠯᠵᠦ᠂ ᠲᠡᠷᠭᠡ ᠬᠡᠷᠡᠭᠯᠡᠬᠦ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠬᠤᠲᠠ ᠶᠢᠨ ᠬᠠᠮᠢᠶᠠᠷᠤᠯᠲᠠ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠣᠯᠠᠨ ᠲᠠᠯ᠎ᠠ ᠶᠢᠨ ᠭᠤᠤᠯ ᠴᠣᠭᠴᠠ ᠶᠢᠨ ᠬᠠᠮᠵᠢᠯᠴᠠᠨ ᠬᠠᠮᠲᠤᠷᠠᠯᠴᠠᠬᠤ ᠶᠢ ᠠᠬᠢᠭᠤᠯᠵᠤ᠂ ᠳᠤᠭᠤᠶ ᠲᠡᠷᠭᠡ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠨ᠎ᠠ᠃ ᠬᠠᠮᠳᠤᠪᠡᠷ ᠪᠠᠷ ᠡᠳ᠋ᠯᠡᠬᠦ ᠳᠤᠭᠤᠢ ᠲᠡᠷᠭᠡᠨ ᠤ ᠵᠣᠭᠰᠣᠭᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠬᠤ ᠪᠠ ᠠᠷᠠᠴᠢᠯᠠᠨ ᠬᠠᠮᠠᠭᠠᠯᠠᠬᠤ ᠪᠠᠷ ᠳᠠᠮᠵᠢᠭᠤᠯᠤᠨ᠂ ᠲᠡᠷᠭᠡᠨ ᠵᠣᠭᠰᠣᠭᠠᠯ ᠢ ᠡᠮᠬᠢ ᠵᠢᠷᠤᠮ ᠲᠠᠢ ᠪᠠᠶᠢᠯᠭᠠᠬᠤ᠂ ᠣᠷᠴᠢᠨ ᠲᠣᠭᠤᠷᠢᠨ ᠢ ᠴᠡᠪᠡᠷ ᠲᠡᠭᠰᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠪᠣᠬᠢᠷᠲᠤᠯ ᠥᠬᠡᠶ ᠶᠠᠪᠤᠵᠤ ᠰᠠᠭᠤᠬᠤ ᠣᠨᠣᠯᠵᠢᠬᠤᠨ ᠢ ᠢᠳᠡᠪᠬᠢᠲᠡᠶ ᠤᠬᠠᠭᠤᠯᠵᠤ᠂ ᠬᠤᠲᠠ ᠶᠢᠨ ᠠᠷᠠᠳ ᠪᠠ ᠵᠤᠭᠠᠴᠠᠭᠰᠠᠳ ᠤᠨ ᠲᠡᠷᠭᠡ ᠬᠡᠷᠡᠭᠯᠡᠬᠦ ᠰᠠᠶᠢᠨ ᠰᠠᠶᠢᠬᠠᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠶᠢ ᠲᠠᠶᠢᠴᠢᠯᠠᠨ᠎ᠠ᠃      ᠢᠷᠡᠭᠡᠳᠦᠶ ᠳᠤ᠂ ᠡᠯ᠎ᠡ ᠭᠠᠵᠠᠷ ᠤᠨ ᠬᠢᠨ ᠦᠷᠭᠦᠯᠵᠢᠯᠡᠨ ᠨᠠᠩ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠭᠠᠷᠭᠠᠵᠤ᠂ ᠡᠷᠲᠡᠨ ᠤ ᠬᠤᠲᠠ ᠶᠢᠨ ᠳᠤᠭᠤᠶ ᠤᠨᠤᠬᠤ ᠲᠣᠤᠷ ᠴᠡᠭ ᠢ ᠤᠯᠠᠮ ᠨᠢᠭᠡ ᠠᠯᠬᠤᠮ ᠰᠠᠭᠠᠳ ᠥᠬᠡᠶ ᠨᠡᠪᠳᠡᠷᠡᠭᠦᠯᠬᠦ ᠪᠠ ᠰᠢᠯᠢᠳᠡᠭᠵᠢᠭᠦᠯᠵᠦ᠂ ᠳᠤᠭᠤᠶ ᠤᠨᠤᠬᠤ ᠶᠢ ᠨᠠᠩ ᠣᠯᠠᠨ ᠬᠦᠮᠦᠰ ᠤᠨ ᠡᠷᠲᠡᠨ ᠤ ᠬᠤᠲᠠ ᠶᠢᠨ ᠷᠢᠳᠢ ᠰᠢᠳᠢ ᠶᠢ ᠮᠡᠳᠡᠷᠡᠬᠦ᠂ ᠪᠣᠬᠢᠷᠲᠤᠯ ᠥᠬᠡᠶ ᠠᠮᠢᠳᠤᠷᠠᠯ ᠢ ᠡᠳ᠋ᠯᠡᠬᠦ ᠠᠷᠭ᠎ᠠ ᠬᠡᠯᠪᠡᠷᠢ ᠪᠣᠯᠭᠠᠬᠤ ᠶᠢ ᠬᠦᠰᠡᠵᠦ ᠪᠠᠶᠢᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1