ᠲᠣᠭᠲᠠᠬᠤ ᠰᠢᠶᠠᠨ ︽ᠬᠠᠰᠤᠬᠤ ᠪᠠᠷ ᠨᠡᠮᠡᠬᠦ ᠶᠢ ᠠᠬᠢᠭᠤᠯᠬᠤ︾ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/8/26
      ᠣᠶᠢᠷ᠎ᠠ ᠳᠤ᠂ ᠲᠣᠭᠲᠠᠬᠤ ᠰᠢᠶᠠᠨ ᠦᠨᠳᠦᠰᠦᠨ ᠱᠠᠲᠤᠨ ᠤ ︽ᠶᠠᠪᠠᠭᠠᠨ ᠲᠡᠷᠭᠡ︾ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠡᠮᠳᠡᠭ ᠫᠠᠶᠢᠰᠠ ᠶᠢ ᠪᠠᠭᠠᠰᠬᠠᠬᠤ᠂ ᠸᠢᠴᠠᠲ ᠤᠨ ᠬᠤᠯᠪᠣᠭ᠎ᠠ ᠶᠢ ᠪᠠᠭᠠᠰᠬᠠᠬᠤ᠂ ᠬᠢᠨᠠᠨ ᠰᠢᠯᠭᠠᠬᠤ ᠲᠤᠭ᠎ᠠ ᠶᠢ ᠪᠠᠭᠠᠰᠬᠠᠬᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠪᠤᠳᠠᠯ ᠢ ᠦᠷᠭᠦᠯᠵᠢᠯᠡᠨ ᠵᠢᠷᠤᠮᠵᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ︽ᠬᠦᠯᠢᠶᠡᠰᠦ ᠶᠢ ᠰᠤᠯᠠᠷᠠᠭᠤᠯᠬᠤ︾ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠪᠡ᠃     ᠪᠥᠬᠦ ᠰᠢᠶᠠᠨ ᠤ 120 ᠲᠣᠰᠬᠤᠨ ᠪᠠ 17 ᠨᠡᠶᠢᠭᠡᠮ ᠲᠣᠭᠤᠷᠢᠭ ᠲᠤ ᠫᠠᠶᠢᠰᠠ ᠢᠯᠡᠷᠬᠡᠶᠢᠯᠡᠯ ᠢ ᠢᠯᠭᠠᠷᠠᠭᠤᠯᠤᠨ ᠴᠡᠭᠴᠡᠯᠡᠬᠦ ᠠᠵᠢᠯ ᠢ ᠥᠷᠨᠢᠭᠦᠯᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠳᠣᠲᠣᠭᠠᠳᠤ ᠴᠢᠳᠠᠮᠵᠢ ᠶᠢᠨ ᠴᠢᠨᠠᠷᠲᠠᠶ ᠵᠢᠯᠣᠭᠤᠳᠬᠤ ᠫᠠᠶᠢᠰᠠ ᠶᠢ ᠡᠮᠬᠢᠯᠡᠨ ᠨᠡᠶᠢᠯᠡᠭᠦᠯᠪᠡ᠃ ︽ᠪᠢᠳᠡ ᠡᠯ᠎ᠡ ᠲᠣᠰᠬᠤᠨ ᠪᠠ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠴᠢᠳᠠᠮᠵᠢ ᠪᠠᠷ ᠠᠳᠠᠯᠢᠪᠲᠤᠷ ᠫᠠᠶᠢᠰᠠ ᠪᠠᠨ ᠨᠢᠭᠡᠳᠦᠯᠲᠡᠶ ᠡᠮᠬᠢᠯᠡᠨ ᠨᠡᠶᠢᠯᠡᠭᠦᠯᠪᠡ᠂ ᠪᠠᠰᠠ ᠣᠯᠠᠨ ᠲᠦᠮᠡᠨ ᠢ ᠨᠢᠭᠡ ᠠᠯᠪᠠᠨ ᠬᠡᠷ ᠪᠠ ᠠᠵᠢᠯᠯᠠᠭᠠᠨ ᠤ ᠲᠠᠰᠤᠭ ᠲᠤ ᠠᠯᠢ ᠴᠢᠳᠠᠬᠤ ᠪᠠᠷ ᠣᠯᠠᠨ ᠵᠦᠢᠯ ᠢ ᠪᠡᠶᠡᠯᠡᠭᠦᠯᠵᠦ᠂ ᠨᠠᠰᠢ ᠴᠠᠰᠢ ᠭᠦᠶᠦᠬᠦ ᠠᠴᠠ ᠵᠠᠶᠢᠯᠠᠰᠬᠢᠵᠦ᠂ ᠴᠠᠭ ᠪᠠ ᠣᠶᠤᠨ ᠴᠢᠳᠠᠯ ᠢᠶᠠᠨ ᠠᠷᠪᠢᠯᠠᠨ᠎ᠠ︾ ᠭᠡᠵᠦ ᠦᠱᠧᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠷᠢᠪᠠ᠂ ︽ᠨᠢᠭᠡ ᠲᠠᠰᠤᠭ ᠢ ᠣᠯᠠᠨ ᠲᠠᠯ᠎ᠠ ᠪᠠᠷ ᠬᠡᠷᠡᠭᠯᠡᠬᠦ︾ ᠰᠠᠭᠤᠷᠢᠨ ᠳᠡᠭᠡᠷ᠎ᠡ᠂ ᠪᠥᠬᠦ ᠰᠢᠶᠠᠨ ᠳᠤ ᠲᠣᠰᠬᠤᠨ᠂ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠡᠮᠳᠡᠭ ᠫᠠᠶᠢᠰᠠ ᠶᠢᠨ ᠲᠡᠮᠳᠡᠭ ᠢ ᠨᠡᠶᠢᠲᠡ 1169᠂ ᠬᠠᠭᠤᠴᠢᠷᠠᠭᠰᠠᠨ᠂ ᠴᠠᠭ ᠠᠴᠠ ᠥᠩᠭᠡᠷᠡᠭᠰᠡᠨ ᠵᠡᠷᠭᠡ ᠬᠡᠷᠡᠮ ᠳᠤ ᠭᠠᠷᠭᠠᠬᠤ ᠲᠦᠷᠢᠮ ᠢ ᠨᠡᠶᠢᠲᠡ 920 ᠪᠡᠶᠡᠯᠡᠭᠦᠯᠪᠡ᠃ ᠡᠭᠦᠨ ᠤ ᠬᠠᠮᠲᠤ᠂ ᠴᠣᠮᠬᠠᠳᠬᠠᠨ ᠵᠢᠷᠤᠮᠵᠢᠭᠤᠯᠬᠤ᠂ ᠪᠣᠳᠠᠲᠠᠶ ᠶᠢ  ᠡᠷᠬᠢᠮᠯᠡᠬᠦ ᠵᠠᠷᠴᠢᠮ ᠶᠣᠰᠣᠭᠠᠷ᠂ ︽ᠨᠠᠮ ᠵᠠᠰᠠᠭ ᠤᠨ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠮᠢᠶᠠᠷᠤᠯᠲᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ︾ ᠵᠡᠷᠭᠡ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠡᠮᠬᠢᠯᠡᠨ ᠲᠣᠳᠣᠷᠬᠠᠶ ᠪᠣᠯᠭᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠦᠨᠳᠦᠰᠦᠨ ᠱᠠᠲᠤᠨ ᠳᠤ ᠬᠤᠯᠪᠣᠭᠳᠠᠬᠤ ᠠᠵᠢᠯ ᠶᠠᠪᠤᠳᠠᠯ ᠤᠨ ᠵᠥᠪᠰᠢᠶᠡᠷᠡᠨ ᠣᠷᠣᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ ᠢᠯᠭᠠᠷᠠᠭᠤᠯᠬᠤ ᠳᠤ ᠦᠨᠳᠦᠰᠦᠨ ᠱᠠᠲᠤᠨ ᠠᠴᠠ ᠡᠭᠦᠷᠭᠡᠯᠡᠵᠦ ᠪᠣᠯᠬᠤ ᠥᠬᠡᠶ ᠵᠦᠢᠯᠡᠰ ᠢ ᠬᠥᠳᠡᠯᠦᠩᠭᠦᠶ ᠪᠠᠷ ᠳᠣᠭᠢᠷᠠᠭᠤᠯᠤᠨ ᠴᠡᠪᠡᠷᠯᠡᠵᠦ᠂ ᠠᠯᠬᠤᠮ ᠠᠯᠬᠤᠮ ᠢᠶᠠᠷ ᠰᠣᠯᠢᠬᠤ᠂ ᠵᠡᠷᠭᠡ ᠪᠠᠷ ᠰᠢᠨᠡᠳᠬᠡᠬᠦ ᠶᠢ ᠪᠠᠷᠢᠮᠳᠠᠯᠠᠪᠠ᠃ ︽ᠨᠡᠶᠢᠭᠡᠮ ᠲᠣᠭᠤᠷᠢᠭ ᠤᠨ ᠡᠭᠦᠷᠭᠡᠯᠡᠬᠦ ᠶᠣᠰᠣᠲᠠᠶ ᠪᠠ ᠬᠠᠪᠰᠤᠷᠤᠨ ᠡᠭᠦᠷᠭᠡᠯᠡᠬᠦ ᠦᠢᠯᠡᠴᠢᠯᠡᠭᠡᠨ ᠤ ᠵᠦᠢᠯᠡᠰ ᠢ ᠪᠢᠳᠡ ᠬᠥᠲᠥᠯᠥᠨ ᠳᠠᠭᠠᠭᠤᠯᠬᠤ ᠫᠠᠶᠢᠰᠠ ᠡᠯᠭᠦᠬᠦ ᠶᠢᠨ ᠬᠠᠮᠲᠤ ᠦᠢᠯᠡᠴᠢᠯᠡᠭᠡᠨ ᠤ ᠵᠦᠢᠯᠡᠰ ᠪᠠ ᠠᠵᠢᠯ ᠶᠠᠪᠤᠳᠠᠯ ᠭᠦᠢᠴᠡᠳᠭᠡᠬᠦ ᠠᠵᠢᠯᠲᠠᠨ ᠤ ᠬᠤᠪᠢᠷᠠᠯᠲᠠ ᠶᠢ ᠦᠨᠳᠦᠰᠦᠯᠡᠨ᠂ ᠬᠥᠳᠡᠯᠦᠩᠭᠦᠶ ᠲᠣᠬᠢᠷᠠᠭᠤᠯᠤᠯᠲᠠ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠣᠯᠢᠨ᠂ ᠣᠯᠠᠨ ᠲᠦᠮᠡᠨ ᠳᠤ ᠲᠥᠬᠦᠮ ᠦᠵᠡᠭᠦᠯᠵᠦ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠴᠢᠬᠤᠯᠠ ᠪᠤᠰᠤ ᠲᠡᠮᠳᠡᠭ ᠫᠠᠶᠢᠰᠠ ᠶᠢ ᠰᠣᠯᠢᠬᠤ ᠪᠠᠷ ᠳᠠᠮᠵᠢᠭᠤᠯᠤᠨ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠣᠶᠢᠯᠠᠭᠠᠬᠤ ᠴᠢᠬᠤᠯᠠᠲᠠᠶ ᠦᠢᠯᠡᠴᠢᠯᠡᠭᠡᠨ ᠤ ᠵᠦᠢᠯᠡᠰ ᠪᠠ ᠲᠦᠷᠢᠮ ᠢ ᠲᠤᠭᠳᠠᠭᠠᠵᠤ᠂ ᠠᠵᠢᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ  ᠴᠢᠩᠭᠠᠷᠠᠭᠤᠯᠪᠠ᠃        ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤᠮᠳᠠ ᠣᠷᠣᠰᠢᠵᠤ ᠪᠠᠶᠢᠭ᠎ᠠ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠵᠦ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠭᠦᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠰᠢᠯᠭᠠᠬᠤ ᠠᠵᠢᠯ ᠢᠶᠠᠨ ᠰᠠᠶᠢᠵᠢᠷᠠᠭᠤᠯᠵᠤ᠂ ᠬᠢᠨᠠᠨ ᠰᠢᠯᠭᠠᠬᠤ ᠠᠷᠭ᠎ᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠶᠡᠭᠡ ᠪᠠᠷ ᠪᠠᠭᠠᠰᠬᠠᠪᠠ᠃ ︽ᠦᠨᠳᠦᠰᠦᠨ ᠱᠠᠲᠤᠨ ᠤ ᠵᠠᠰᠠᠯᠲᠠ ᠶᠢᠨ ᠲᠤᠪᠤᠶᠢᠮ᠎ᠠ ᠠᠰᠠᠭᠤᠳᠠᠯ ᠢ ᠦᠨᠡᠨ ᠬᠦ ᠴᠡᠭᠴᠡᠯᠡᠨ ᠵᠠᠰᠠᠬᠤ ᠶᠢᠨ ᠲᠥᠯᠥᠭᠡ᠂ ᠡᠨᠡ ᠵᠢᠯ ᠰᠢᠶᠠᠩ ᠪᠠᠯᠭᠠᠰᠤᠨ ᠳᠤ ᠬᠢᠨᠠᠨ ᠰᠢᠯᠭᠠᠬᠤ ᠭᠦᠢᠴᠡᠳᠬᠡᠯ ᠲᠤᠭ᠎ᠠ 20 ᠭᠠᠷᠤᠢ ᠵᠦᠢᠯ ᠢ  ᠴᠤᠮᠬᠠᠳᠬᠠᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠬᠢᠨᠠᠨ ᠰᠢᠯᠭᠠᠬᠤ ᠠᠭᠤᠯᠭ᠎ᠠ ᠶᠢ ᠵᠦᠷᠢᠶᠡᠴᠢᠯᠡᠨ ᠲᠣᠭᠲᠠᠭᠠᠬᠤ ᠶᠢᠨ ᠬᠠᠮᠲᠤ ᠬᠦᠰᠦᠨᠦᠭ᠂ ᠨᠠᠷᠢᠨ ᠬᠠᠭᠤᠳᠠᠰᠤ ᠵᠡᠷᠭᠡ ᠠᠷᠭ᠎ᠠ ᠬᠡᠯᠪᠡᠷᠢ ᠪᠠᠷ ᠬᠢᠨᠠᠨ ᠰᠢᠯᠭᠠᠬᠤ ᠨᠠᠷᠢᠨ ᠲᠦᠷᠢᠮ ᠢ ᠳᠥᠭᠦᠮᠴᠢᠯᠡᠨ ᠰᠢᠯᠢᠳᠡᠭᠵᠢᠭᠦᠯᠪᠡ᠃ ᠨᠡᠷ᠎ᠡ ᠲᠥᠷᠥᠯ ᠣᠯᠠᠨ᠂ ᠳᠠᠪᠲᠠᠮᠵᠢ ᠬᠡᠲᠦᠷᠬᠡᠶ ᠥᠨᠳᠥᠷ᠂ ᠣᠯᠠᠨ ᠲᠠᠯ᠎ᠠ ᠠᠴᠠ ᠳᠠᠪᠬᠤᠷᠳᠠᠭᠤᠯᠤᠭᠰᠠᠨ ᠬᠢᠨᠠᠨ ᠰᠢᠯᠭᠠᠬᠤ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ  ᠰᠢᠢᠳᠪᠦᠷᠢᠯᠡᠵᠦ᠂ ᠦᠨᠳᠦᠰᠦᠨ ᠱᠠᠲᠤᠨ ᠳᠤ ᠬᠤᠯᠪᠣᠭᠳᠠᠬᠤ ᠬᠢᠨᠠᠨ ᠰᠢᠯᠭᠠᠬᠤ ᠰᠢᠰᠲ᠋ᠧᠮ ᠢ ᠪᠡᠶᠡᠯᠡᠭᠦᠯᠵᠦ᠂ ᠬᠢᠨᠠᠨ ᠰᠢᠯᠭᠠᠬᠤ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠬᠤ ᠳᠤ ᠨᠠᠩ ᠰᠠᠶᠢᠨ ᠠᠰᠢᠭᠲᠠᠶ ᠪᠣᠯᠪᠠ᠃  ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1