8 ᠳ᠋ᠤᠭᠠᠷ ᠰᠠᠷ᠎ᠠ ᠶᠢᠨ 23 ᠤ ᠣᠷᠣᠶ᠂ ᠬᠤᠷᠢᠨ ᠲᠠᠪᠤᠳᠤᠭᠠᠷ ᠬᠤᠭᠤᠴᠠᠭᠠᠨ ᠤ ᠬᠥᠬᠡᠬᠤᠲᠠ ᠶᠢᠨ ᠵᠣᠣ | ᠵᠢᠶᠦ᠋ᠨ ᠤ ᠰᠣᠶᠣᠯ ᠤᠨ ᠨᠠᠶᠢᠷ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ | ᠃ | ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠭᠦ᠋ | ᠭᠦᠩ ᠮᠦᠽᠧᠶ ᠶᠢᠨ ᠳᠠᠷᠤᠭ᠎ᠠ ᠸᠠᠩ ᠰᠢᠤᠢ ᠳ᠋ᠦᠩ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ ᠶᠢᠨ ᠳᠡᠳ᠋ ᠳᠠᠷᠤᠭ᠎ᠠ ᠯᠦᠸᠧ ᠸᠧᠨ ᠯᠢ᠂ ᠭᠦ᠋ ᠭᠦᠩ ᠮᠦᠽᠧᠶ ᠶᠢᠨ ᠳᠡᠳ᠋ ᠳᠠᠷᠤᠭ᠎ᠠ ᠵᠦ ᠬᠤᠩ ᠸᠧᠨ᠂ | ᠳᠤᠮᠳᠠᠳᠤ ᠤᠯᠤᠰ ᠤᠨ ᠮᠦᠽᠧᠶ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠱᠦ ᠭᠤᠸᠠᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠦᠦ ᠭᠠᠩ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ᠂ ᠬᠤᠲᠠ ᠶᠢᠨ ᠤᠳᠤᠷᠢᠳᠤᠯᠭ᠎ᠠ ᠪᠠ ᠮᠠᠨ ᠤ | ᠬᠤᠲᠠ ᠶᠢᠨ ᠶᠣᠰᠣ ᠰᠤᠷᠲᠠᠬᠤᠨ ᠤ ᠵᠢᠱᠢᠶᠡᠴᠢ᠂ ᠬᠦᠬᠡᠬᠤᠲᠠ ᠶᠢᠨ ᠰᠠᠶᠢᠨ ᠬᠥᠮᠦᠨ᠂ ᠬᠤᠲᠠ ᠶᠢᠨ ᠠᠷᠠᠳ ᠤᠨ | ᠲᠥᠯᠥᠭᠡᠯᠡᠭᠴᠢ᠂ ᠵᠤᠭᠠᠴᠠᠭᠰᠠᠳ ᠵᠡᠷᠭᠡ ᠮᠢᠩᠭ᠎ᠠ ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠲᠤᠮᠤ ᠬᠡᠯᠪᠡᠷᠢ ᠶᠢᠨ ᠦᠨᠳᠦᠰᠦᠲᠡᠨ ᠤ ᠪᠥᠵᠢᠭᠲᠦ ᠵᠦᠴᠦᠭᠡ ︽ | ᠵᠤᠤ ᠵᠢᠶᠦ᠋ᠨ︾ ᠤ ᠲᠤᠰᠬᠠᠢ ᠤᠷᠠᠨ ᠰᠠᠶᠢᠬᠠᠨ ᠤ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ | ᠨᠢᠭᠡ ᠤᠳᠠᠭᠠᠨ ᠤ ᠤᠷᠠᠯᠢᠭ ᠤᠨ ᠴᠢᠨᠠᠷᠲᠠᠢ ᠪᠠ ᠰᠣᠨᠢᠷᠬᠠᠯ ᠤᠨ ᠴᠢᠨᠠᠷᠲᠠᠢ ᠬᠠᠷᠠᠭᠠᠨ ᠤ ᠦᠪᠡᠳᠡᠭᠰᠢ ᠨᠠᠶᠢᠷ ᠢ | ᠠᠪᠴᠢᠷᠠᠭᠰᠠᠨ ᠪᠠᠶᠢᠨ᠎ᠠ᠃ | | | | | | ᠲᠤᠰ ᠬᠤᠭᠤᠴᠠᠭᠠᠨ ᠤ ᠵᠤᠤ ᠵᠢᠶᠦ᠋ᠨ ᠤ ᠰᠣᠶᠣᠯ ᠤᠨ ᠨᠠᠶᠢᠷ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠤᠮᠠᠷᠠᠲᠤ ᠶᠢᠨ | ᠰᠣᠶᠣᠯ ᠢ ᠴᠤᠤᠷᠢᠶᠠᠲᠤᠭᠤᠯᠬᠤ᠂ ᠬᠥᠬᠡᠬᠤᠲᠠ ᠶᠢᠨ ᠰᠣᠶᠣᠯ ᠤᠨ ᠰᠤᠳᠠᠰᠤ ᠶᠢ ᠤᠯᠠᠮᠵᠢᠯᠠᠬᠤ︾ ᠪᠠᠷ ᠭᠤᠣᠯ | ᠰᠡᠳᠦᠪ ᠪᠣᠯᠭᠠᠪᠠ᠃ ᠰᠣᠶᠣᠯ ᠤᠨ ᠨᠠᠶᠢᠷ ᠤᠨ ᠰᠢᠷᠢᠰ ᠠᠵᠢᠯᠯᠠᠭ᠎ᠠ ᠨᠢ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ | ᠲᠥᠷᠥᠯ ᠬᠡᠯᠪᠡᠷᠢ ᠡᠯᠪᠡᠭ ᠪᠠᠶᠠᠯᠢᠭ᠂ ᠬᠠᠷᠢᠯᠴᠠᠨ ᠦᠢᠯᠡᠳᠦᠯᠴᠡᠬᠦ ᠮᠠᠶ᠋ᠢᠭ ᠤᠨ ᠣᠶᠢᠯᠠᠭᠠᠯᠲᠠ ᠶᠢ ᠨᠠᠩ | ᠴᠢᠬᠤᠯᠠᠴᠢᠯᠠᠵᠤ᠂ ᠪᠤᠰᠤᠳ ᠭᠠᠵᠠᠷ ᠣᠷᠣᠨ ᠤ ᠰᠣᠶᠣᠯ ᠤᠨ ᠰᠣᠯᠢᠯᠴᠠᠭ᠎ᠠ ᠵᠡᠷᠭᠡ ᠣᠨᠴᠠᠯᠢᠭ ᠢ ᠴᠢᠩᠭᠠᠳᠬᠠᠪᠠ᠃ | | | | | | | | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠵᠣᠣ ᠵᠢᠶᠦ᠋ᠨ ᠰᠣᠶᠣᠯ ᠤᠨ ᠨᠠᠶᠢᠷ ᠨᠢ ᠶᠠᠭ ᠰᠠᠶᠢᠬᠠᠨ | ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠦᠽᠧᠶ ᠵᠢᠴᠢ ᠬᠤᠯᠪᠣᠭᠳᠠᠯ ᠪᠦᠬᠦᠢ ᠦᠢᠯᠡᠳᠬᠦᠨ ᠬᠢᠭᠡᠳ | ᠮᠡᠷᠭᠡᠵᠢᠯ ᠤᠨ ᠦᠵᠡᠰᠬᠦᠯᠡᠩ ᠤᠨ ᠴᠤᠭᠯᠠᠭᠠᠨ ︵ᠳᠥᠭᠦᠮᠴᠢᠯᠡᠭᠡᠳ ︽ᠦᠵᠡᠰᠬᠦᠯᠡᠩ ᠤᠨ ᠴᠤᠭᠯᠠᠭᠠᠨ︾ ᠭᠡᠳᠡᠭ︶ | ᠬᠥᠬᠡᠬᠤᠲᠠ ᠳᠤ ᠶᠠᠪᠤᠭᠳᠠᠵᠤ᠂ ᠲᠣᠭᠯᠠᠯᠲᠠ᠂ ᠰᠣᠶᠣᠯ ᠤᠨ ᠰᠣᠯᠢᠯᠴᠠᠭ᠎ᠠ᠂ ᠬᠠᠷᠢᠯᠴᠠᠨ ᠬᠥᠳᠡᠯᠦᠯᠴᠡᠵᠦ ᠪᠡᠶᠡᠴᠢᠯᠡᠨ | ᠣᠶᠢᠯᠠᠭᠠᠬᠤ᠂ ᠳᠡᠯᠭᠡᠨ ᠦᠵᠡᠭᠦᠯᠬᠦ 5 ᠶᠡᠭᠡ ᠭᠤᠤᠯ ᠰᠡᠳᠦᠪᠲᠦ 25 ᠵᠦᠢᠯ ᠤᠨ ᠣᠨᠴᠠᠯᠢᠭᠲᠤ ᠠᠵᠢᠯᠯᠠᠭ᠎ᠠ | ᠲᠣᠬᠢᠷᠠᠭᠤᠯᠵᠤ᠂ ᠡᠭᠦᠨ ᠤ ᠬᠠᠮᠲᠤ ︽ᠦᠵᠡᠰᠬᠦᠯᠡᠩ ᠤᠨ ᠴᠤᠭᠯᠠᠭᠠᠨ︾ ᠤ ᠲᠣᠭᠤᠷᠢᠨ ᠳᠤ ︽ᠤᠮᠠᠷᠠᠳᠦ ᠬᠢᠯᠢ ᠶᠢᠨ | ᠤᠶᠠᠩᠭ᠎ᠠ᠂ ᠴᠡᠯᠡᠭᠡᠷ ᠲᠠᠯ᠎ᠠ︾ ᠶᠢᠨ ᠶᠡᠷᠦᠩᠬᠡᠶᠢᠯᠡᠭᠰᠡᠨ ᠳᠠᠭᠤᠤ ᠪᠥᠵᠢᠭ ᠤᠨ ᠲᠣᠭᠯᠠᠯᠲᠠ᠂ ︽ᠥᠩᠭᠡ | ᠢᠯᠭᠠᠷᠠᠭᠰᠠᠨ ᠴᠡᠯᠡᠭᠡᠷ ᠲᠠᠯ᠎ᠠ︾ ᠥᠪᠥᠷ ᠮᠣᠩᠭᠤᠯ ᠤᠨ ᠪᠠᠶᠢᠭᠠᠯᠢᠯᠢᠭ ᠠᠮᠢ ᠠᠬᠤᠢ ᠶᠢᠨ ᠳᠠᠭᠤᠤ ᠬᠥᠭᠵᠢᠮ ᠤᠨ | ᠲᠤᠰᠬᠠᠢ ᠲᠣᠭᠯᠠᠯᠲᠠ ᠵᠡᠷᠭᠡ 12 ᠵᠦᠢᠯ ᠤᠨ ᠣᠨᠴᠠᠯᠢᠭᠲᠤ ᠠᠵᠢᠯᠯᠠᠭ᠎ᠠ ᠥᠷᠨᠢᠭᠦᠯᠵᠦ᠂ ᠪᠥᠬᠦ ᠤᠯᠤᠰ ᠤᠨ ᠡᠯ᠎ᠡ | ᠭᠠᠵᠠᠷ ᠤᠨ ᠰᠣᠶᠣᠯ ᠤᠨ ᠡᠲᠡᠭᠡᠳ᠂ ᠰᠣᠶᠣᠯ ᠤᠨ ᠦᠵᠡᠰᠬᠦᠯᠡᠩ ᠤᠨ ᠡᠲᠡᠭᠡᠳ ᠤᠨ ᠵᠣᠴᠢᠳ ᠲᠤ ᠬᠥᠬᠡᠬᠤᠲᠠ ᠶᠢᠨ | ᠲᠡᠦᠬᠡ ᠰᠣᠶᠣᠯ ᠢ ᠭᠦᠨᠵᠡᠭᠡᠶ ᠣᠶᠢᠯᠠᠭᠠᠬᠤ ᠲᠠᠪᠴᠠᠩ ᠪᠠᠶᠢᠭᠤᠯᠤᠨ ᠥᠭᠴᠦ᠂ ᠤᠮᠠᠷᠠᠲᠤ ᠬᠢᠯᠢ ᠶᠢᠨ ᠰᠣᠶᠣᠯ ᠤᠨ | ᠨᠠᠷᠠᠲᠤ ᠲᠡᠮᠳᠡᠭ ᠢ ᠤᠯᠠᠮ ᠨᠢᠭᠡ ᠠᠯᠬᠤᠮ ᠡᠭᠦᠳᠴᠦ᠂ ᠲᠥᠪ ᠬᠤᠲᠠ ᠶᠢᠨ ᠰᠣᠶᠣᠯ ᠤᠨ ᠴᠢᠳᠠᠪᠤᠷᠢ ᠶᠢᠨ ᠲᠠᠰ ᠢ | ᠲᠡᠪᠰᠢᠭᠦᠯᠪᠡ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ |