ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2024/8/27
     ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 8 ᠳ᠋ᠤᠭᠠᠷ ᠰᠠᠷ᠎ᠠ ᠶᠢᠨ 23 ᠤ ᠡᠳᠦᠷ ︵ᠭᠠᠷᠠᠭ ᠤᠨ ᠲᠠᠪᠤᠨ︶ ᠤᠨ ᠦᠳᠡ ᠶᠢᠨ ᠡᠮᠦᠨᠡᠬᠢ 10 ᠴᠠᠭ ᠲᠤ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠡᠷᠬᠢᠯᠡᠵᠡᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ ᠬᠤᠷᠠᠯ ᠳᠤ ᠤᠷᠤᠯᠴᠠᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠨᠢ ᠬᠤᠩ ᠢᠯᠡᠷᠬᠡᠶᠢᠯᠡᠬᠦ ᠳᠡᠭᠡᠨ᠂ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠶᠢ ᠡᠭᠦᠳᠦᠨ ᠤᠷᠤᠭᠰᠢᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠵᠢᠯᠲᠠ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃      ᠨᠢᠭᠡᠳᠦᠭᠡᠷ ᠲᠤ᠂ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠦᠷᠦᠩᠭᠡ ᠶᠢᠨ ᠲᠠᠯ᠎ᠠ ᠪᠠᠷ᠂ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠠᠷᠠᠳ ᠲᠦᠮᠡᠨ ᠢ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠪᠠᠷ ᠴᠢᠷᠮᠠᠶᠢᠵᠠᠢ᠃ 2023 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠤᠯᠤᠰ ᠤᠨ ᠬᠤᠲᠠ ᠪᠠᠯᠭᠠᠰᠤᠨ ᠤ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ 40 ᠲᠡᠭᠰᠢ ᠳᠥᠷᠪᠡᠯᠵᠢᠨ ᠮᠧᠲᠷ ᠢ ᠳᠠᠪᠠᠪᠠ︔ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠠ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ ᠲᠥᠪᠬᠢᠨᠡᠭᠦᠯᠬᠦ ᠣᠷᠣᠨ ᠰᠠᠭᠤᠴᠠ ᠶᠢ ᠨᠡᠶᠢᠲᠡ 6400 ᠭᠠᠷᠤᠶ ᠲᠦᠮᠡᠨ ᠢᠵᠢ ᠪᠠᠶᠢᠭᠤᠯᠵᠤ᠂ 1.5 ᠳ᠋ᠦᠩᠰᠢᠭᠤᠷ ᠭᠠᠷᠤᠶ ᠣᠯᠠᠨ ᠲᠦᠮᠡᠨ ᠤ ᠠᠮᠦᠭᠤᠯᠠᠩᠳᠦ ᠤᠷᠤᠨ ᠰᠠᠭᠤᠴᠠ ᠶᠢᠨ ᠬᠦᠰᠡᠯ ᠢ ᠪᠡᠶᠡᠯᠡᠭᠦᠯᠵᠦ᠂ ᠣᠷᠣᠨ ᠰᠠᠭᠤᠴᠠ ᠨᠢ ᠬᠦᠴᠢᠷᠳᠡᠯᠲᠡᠶ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠤᠬᠡ᠂ ᠣᠷᠣᠯᠭ᠎ᠠ ᠪᠠᠭᠠᠲᠠᠶ ᠬᠡᠷ ᠪᠦᠯᠢ ᠶᠢᠨ ᠤᠷᠤᠨ ᠰᠠᠭᠤᠴᠠ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃      ᠬᠤᠶᠠᠳᠤᠭᠠᠷ ᠲᠤ᠂ ᠬᠤᠲᠠ ᠶᠢᠨ ᠠᠵᠢᠯ ᠤᠨ ᠲᠠᠯ᠎ᠠ ᠪᠠᠷ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠪᠠ᠃ 2023 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠭ ᠤᠨ ᠲᠠᠯᠠᠪᠠᠶ 6.4 ᠲᠦᠮᠡᠨ ᠲᠡᠭᠰᠢ ᠳᠥᠷᠪᠡᠯᠵᠢᠨ  ᠺᠢᠯᠤᠮᠧᠲᠷ ᠲᠤ ᠬᠦᠷᠴᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 66.16% ᠳᠤ ᠬᠦᠷᠴᠦ᠂ 9.3 ᠳ᠋ᠦᠩᠰᠢᠭᠤᠷ ᠢᠯᠡᠭᠦᠤ ᠬᠦᠮᠦᠨ ᠬᠤᠲᠠ ᠪᠠᠯᠭᠠᠰᠤᠨ ᠳᠤ ᠠᠮᠢᠳᠤᠷᠠᠵᠤ ᠪᠠᠶᠢᠨ᠎ᠠ᠃ ᠬᠤᠲᠠ ᠶᠢᠨ ᠴᠢᠳᠠᠮᠵᠢ ᠲᠠᠰᠤᠷᠠᠯᠲᠠ ᠥᠬᠡᠶ ᠲᠡᠭᠦᠯᠳᠡᠷᠵᠢᠵᠦ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠨᠡᠶᠢᠲᠡ 25 ᠲᠦᠮᠡ ᠶᠢ ᠦᠭᠡᠷᠡᠴᠢᠯᠡᠨ ᠪᠠᠶᠢᠭᠤᠯᠵᠦ᠂ 4400 ᠭᠠᠷᠤᠶ ᠲᠦᠮᠡᠨ ᠡᠷᠦᠬᠡ᠂ ᠪᠠᠷᠤᠭ 1.1 ᠳ᠋ᠦᠩᠰᠢᠭᠤᠷ ᠬᠥᠮᠦᠨ ᠳᠤ ᠠᠰᠢᠭ ᠬᠦᠷᠲᠡᠭᠡᠪᠡ᠃      ᠭᠤᠷᠪᠠᠳᠤᠭᠠᠷ ᠲᠤ᠂ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠠᠷᠢᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃ 2023 ᠣᠨ ᠳᠤ ᠪᠠᠷᠢᠯᠭ᠎ᠠ ᠶᠢᠨ ᠦᠢᠯᠡᠰ ᠤᠨ ᠶᠡᠷᠦᠩᠬᠡᠢ ᠦᠷᠳᠡᠭ 31.6 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠦᠷᠳᠡᠭ 8.6 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ 6.8% ᠶᠢ ᠡᠵᠡᠯᠡᠵᠦ᠂ 5000 ᠲᠦᠮᠡᠨ ᠬᠥᠮᠦᠨ ᠳᠤ ᠠᠵᠢᠯ ᠣᠯᠭᠤᠪᠠ᠃ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠳᠤ ᠠᠷᠠᠳ ᠤᠨ ᠠᠮᠢᠳᠤᠷᠠᠯ ᠢᠶᠠᠷ ᠭᠤᠤᠯ ᠪᠤᠯᠭᠠᠨ᠎ᠠ᠃ ᠠᠷᠠᠳ ᠤᠨ ᠠᠮᠢᠳᠤᠷᠠᠯ  ᠢᠶᠠᠷ ᠭᠤᠤᠯ ᠪᠤᠯᠭᠠᠬᠤ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠮᠤᠭ ᠤᠨ ᠲᠣᠪᠤᠶᠢᠮ᠎ᠠ ᠨᠢᠭᠡᠨ ᠣᠨᠴᠠᠯᠢᠭ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠶᠢ ᠪᠠᠬᠢᠵᠢᠭᠦᠯᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠲᠣᠭᠲᠠᠴᠠ᠂ ᠪᠠᠶᠢᠭᠤᠯᠤᠯ᠂ ᠬᠠᠤᠯᠢ ᠪᠠᠷ ᠵᠠᠰᠠᠬᠤ ᠪᠠᠷ ᠭᠤᠣᠯᠳᠠᠯᠭ᠎ᠠ ᠪᠣᠯᠭᠠᠨ᠂ ᠠᠷᠠᠳ ᠣᠯᠠᠨ ᠢ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠣᠶᠤᠨᠴᠢ᠂ ᠠᠮᠤᠷ ᠲᠦᠪᠰᠢᠨ ᠰᠠᠶᠢᠨ ᠭᠡᠷ ᠪᠠᠶᠢᠰᠢᠩ ᠳᠤ ᠰᠠᠭᠤᠯᠭᠠᠬᠤ ᠪᠠᠷ ᠰᠠᠭᠤᠷᠢ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠰᠠᠶᠢᠨ ᠭᠡᠷ ᠪᠠᠶᠢᠰᠢᠩ᠂ ᠰᠠᠶᠢᠨ ᠬᠤᠷᠢᠶᠠᠯᠠᠯ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ ᠤᠨ ︽ᠳᠥᠷᠪᠡᠨ ᠰᠠᠶᠢᠨ︾ ᠤ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠰᠠᠶᠢᠲᠤᠷ ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ᠂ ᠣᠶᠤᠨᠴᠢ ᠬᠤᠲᠠ ᠶᠢ ᠪᠦᠳᠦᠭᠡᠨ ᠪᠠᠶᠢᠭᠤᠯᠵᠤ᠂ ᠬᠤᠲᠠ ᠬᠥᠳᠡᠭᠡ ᠶᠢᠨ ᠬᠠᠮᠲᠤ ᠶᠢᠨ ᠴᠡᠴᠡᠭᠯᠡᠯ ᠬᠥᠭᠵᠢᠯ ᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃      ᠳᠠᠷᠠᠭᠠᠴᠢ ᠶᠢᠨ ᠠᠯᠬᠤᠮ ᠳᠤ᠂ ᠲᠤᠤᠷᠠᠬᠢ ᠮᠡᠳᠦ ᠥᠭᠡᠷᠡᠴᠢᠯᠡᠯᠲᠡ ᠶᠢᠨ ᠠᠵᠢᠯ ᠢ ᠭᠤᠤᠯᠳᠠᠯᠭ᠎ᠠ ᠲᠠᠢ ᠴᠢᠬᠤᠯᠠᠴᠢᠯᠠᠨ᠎ᠠ᠄      ᠨᠢᠭᠡᠳᠦᠭᠡᠷ ᠲᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠤᠢ ᠪᠣᠯᠭᠠᠨ᠎ᠠ᠃ ᠳᠥᠷᠪᠡᠨ ᠲᠠᠯ᠎ᠠ ᠪᠠᠷ ᠬᠤᠷᠢᠶᠠᠩᠭᠤᠶᠢᠯᠠᠵᠦ ᠪᠤᠯᠤᠨ᠎ᠠ᠄ ᠨᠢᠭᠡ ᠳᠤ᠂ ᠣᠶᠢᠯᠠᠭᠠᠭᠳᠠᠬᠤᠨ ᠤ ᠲᠠᠯ᠎ᠠ ᠪᠠᠷ᠂ ︽ᠭᠡᠷ ᠪᠠᠶᠢᠰᠢᠩ ᠪᠣᠯ ᠰᠠᠭᠤᠬᠤ ᠶᠢᠨ ᠲᠥᠯᠥᠭᠡ ᠶᠤᠮ᠂ ᠬᠠᠷᠢᠨ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠲᠣᠭᠲᠠᠭᠠᠯᠲᠠ ᠶᠢ ᠭᠦᠨᠵᠡᠭᠡᠢ ᠣᠶᠢᠯᠠᠭᠠᠵᠤ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠰᠠᠨ ᠰᠠᠶᠢᠨ ᠭᠡᠷ ᠪᠠᠶᠢᠰᠢᠩ ᠢ ᠪᠠᠶᠢᠭᠤᠯᠤᠨ᠎ᠠ᠃ ᠬᠤᠶᠠᠷ ᠲᠤ᠂ ᠰᠢᠰᠲ᠋ᠧᠮ ᠤᠨ ᠲᠠᠯ᠎ᠠ ᠪᠠᠷ᠂ ᠵᠠᠰᠠᠭ ᠤᠨ ᠣᠷᠳᠣᠨ ᠢᠶᠠᠷ ᠭᠤᠣᠯ ᠪᠣᠯᠭᠠᠨ ᠵᠠᠶᠢᠯᠠᠰᠢ ᠦᠭᠡᠢ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠨ ᠤᠯᠠᠨ ᠶᠠᠩᠵᠤ ᠶᠢᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠭᠤᠷᠪᠠ ᠳᠤ᠂ ᠲᠦᠷᠢᠮ ᠤᠨ ᠲᠠᠯ᠎ᠠ ᠪᠠᠷ᠂ ᠬᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠬᠦ᠂ ᠠᠷᠠᠯᠵᠢᠶᠠᠯᠠᠬᠤ ᠪᠠ ᠬᠡᠷᠡᠭᠯᠡᠭᠡᠨ ᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠬᠤᠪᠢᠷᠠᠭᠤᠯᠤᠨ ᠬᠥᠭᠵᠢᠬᠦ ᠳᠤ ᠲᠦᠷᠢᠮ ᠤᠨ ᠰᠠᠭᠤᠷᠢ ᠶᠢ ᠪᠠᠬᠢᠵᠢᠭᠦᠯᠦᠨ᠎ᠡ᠃ ᠳᠥᠷᠪᠡ ᠳᠤ᠂ ᠬᠦᠴᠦᠨ ᠵᠦᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ︽ᠬᠥᠮᠦᠨ᠂ ᠭᠡᠷ ᠪᠠᠶᠢᠰᠢᠩ᠂ ᠭᠠᠵᠠᠷ᠂ ᠵᠣᠭᠤᠰ︾ ᠤᠨ ᠬᠦᠴᠦᠨ ᠵᠦᠢᠯ ᠤᠨ ᠬᠤᠯᠪᠣᠭᠠᠯᠠᠨ ᠬᠥᠳᠡᠯᠦᠯᠴᠡᠬᠦ ᠰᠢᠨ᠎ᠡ ᠲᠣᠭᠲᠠᠴᠠ ᠶᠢ ᠪᠠᠶᠢᠭᠤᠯᠤᠨ᠎ᠠ᠃      ᠣᠳᠣᠬᠠᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠴᠢᠬᠤᠯᠠ ᠶᠡᠭᠡ ᠬᠤᠪᠢᠷᠠᠯᠲᠠ ᠭᠠᠷᠴᠤ᠂ ᠵᠠᠬ᠎ᠠ ᠳᠡᠯᠭᠡᠭᠦᠷ ᠮᠥᠨ ᠬᠦ ᠲᠤᠬᠢᠷᠠᠭᠤᠯᠤᠯᠳᠠ ᠶᠢᠨ ᠬᠤᠭᠤᠴᠠᠭᠠᠨ ᠳᠤ ᠣᠷᠣᠰᠢᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠳᠠᠭᠠᠯᠳᠤᠨ᠂ ᠵᠠᠬ᠎ᠠ ᠳᠡᠯᠭᠡᠭᠦᠷ ᠲᠤ ᠢᠳᠡᠪᠬᠢᠲᠡᠶ ᠬᠤᠪᠢᠷᠠᠯᠲᠠ ᠭᠠᠷᠴᠠᠢ᠃ ᠮᠠᠨ ᠤ ᠤᠯᠤᠰ ᠤᠨ ᠬᠤᠲᠠ ᠪᠠᠯᠭᠠᠰᠤᠵᠢᠯᠠᠯᠲᠠ ᠶᠢᠨ ᠬᠥᠭᠵᠢᠯᠲᠡ ᠶᠢᠨ ᠠᠬᠢᠴᠠ ᠂ ᠠᠷᠠᠳ ᠣᠯᠠᠨ ᠤ ᠰᠠᠶᠢᠨ ᠭᠡᠷ ᠪᠠᠶᠢᠰᠢᠩ ᠤᠨ ᠲᠤᠬᠠᠶ ᠰᠢᠨ᠎ᠡ ᠬᠦᠰᠡᠯ ᠡᠷᠡᠮᠡᠯᠵᠡᠯ ᠠᠴᠠ ᠦᠵᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠪᠠᠰᠠ ᠮᠠᠰᠢ ᠶᠡᠭᠡ ᠳᠠᠯᠳᠠ ᠬᠦᠴᠦᠨ ᠪᠠ ᠣᠷᠣᠨ ᠵᠠᠶ ᠲᠠᠢ ᠶᠤᠮ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠳᠠᠭ ᠯᠠ ᠶᠤᠮ ᠪᠣᠯ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ ᠴᠢᠳᠠᠨ᠎ᠠ᠃        ᠬᠤᠶᠠᠳᠤᠭᠠᠷ ᠲᠤ᠂ ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠵᠠᠰᠠᠯᠳᠠ ᠶᠢᠨ ᠰᠢᠨ᠎ᠡ ᠲᠣᠭᠲᠠᠴᠠ ᠶᠢ ᠪᠠᠶᠢᠭᠤᠯᠤᠨ᠎ᠠ᠃ ︽ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠠᠷᠠᠳ ᠲᠦᠮᠡᠨ ᠤ ᠲᠥᠯᠥᠭᠡ︾ ᠭᠡᠬᠦ ᠵᠠᠷᠴᠢᠮ ᠢ ᠪᠠᠷᠢᠮᠲᠠᠯᠠᠵᠤ᠂ ᠬᠤᠲᠠ ᠶᠢᠨ ᠬᠥᠭᠵᠢᠯᠲᠡ ᠶᠢᠨ ᠬᠤᠲᠠ ᠶᠢᠨ ᠰᠢᠨᠡᠴᠢᠯᠡᠯᠲᠡ ᠶᠢᠨ ᠱᠠᠲᠤᠨ ᠳᠤ ᠣᠷᠣᠬᠤ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠵᠠᠰᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠷᠭᠦᠯᠵᠢᠯᠡᠬᠦ᠋ᠢᠴᠡ ᠬᠤᠲᠠ ᠶᠢᠨ ᠰᠢᠨᠡᠴᠢᠯᠡᠯᠲᠡ ᠶᠢᠨ ᠵᠠᠭᠪᠤᠷ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠠᠶᠢᠭᠤᠯᠤᠨ᠂ ︽ᠤᠷᠢᠳᠠᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠳᠠᠷᠠᠭ᠎ᠠ ᠨᠢ ᠰᠢᠨᠡᠴᠢᠯᠡᠯᠳᠡ ᠬᠢᠬᠦ︾ ᠶᠢ ᠪᠠᠷᠢᠮᠳᠠᠯᠠᠨ᠎ᠠ᠂ ᠪᠡᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠪᠣᠯ ᠳᠠᠷᠤᠶ ᠬᠤᠳᠠ ᠶᠢᠨ ᠰᠢᠨᠡᠴᠢᠯᠡᠯᠳᠡ ᠳᠤ ᠰᠢᠢᠳᠪᠦᠷᠢᠯᠡᠬᠦ ᠭᠤᠤᠯᠳᠠᠯᠭ᠎ᠠ ᠮᠥᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ᠂ ᠤᠶᠤᠨᠴᠢ ᠬᠤᠲᠠ ᠶᠢ ᠪᠥᠲᠥᠭᠡᠨ ᠪᠠᠶᠢᠭᠤᠯᠵᠤ᠂ ᠠᠷᠠᠳ ᠣᠯᠠᠨ ᠳᠤ ᠬᠤᠲᠠ ᠶᠢᠨ ᠠᠮᠢᠳᠤᠷᠠᠯ ᠳᠤ ᠨᠠᠩ ᠲᠥᠬᠦᠮ᠂ ᠨᠠᠩ ᠲᠠᠭᠠᠯᠠᠮᠵᠢᠲᠠᠶ᠂ ᠨᠠᠩ ᠰᠠᠶᠢᠨ ᠰᠠᠶᠢᠬᠠᠨ ᠤᠶᠢᠯᠠᠭᠠᠯᠳᠠ ᠤᠯᠭᠤᠨ᠎ᠠ᠃      ᠭᠤᠷᠪᠠᠳᠤᠭᠠᠷ ᠲᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ ᠪᠠᠷᠢᠮᠲᠠᠯᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠬᠢᠨᠠᠨ ᠬᠠᠮᠢᠶᠠᠷᠤᠯᠳᠠ᠂ ᠪᠠᠷᠢᠯᠭ᠎ᠠ ᠶᠢᠨ ᠦᠢᠯᠡᠳᠬᠦ ᠦᠨ᠎ᠡ ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠠᠯᠢ ᠤᠯᠠᠨ ᠰᠠᠭᠤᠷᠢ ᠴᠢᠨᠠᠷᠲᠠᠶ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠣᠳᠣᠬᠢᠴᠢᠯᠠᠭᠰᠠᠨ ᠪᠠᠷᠢᠯᠭ᠎ᠠ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠬᠤ᠂ ᠭᠤᠣᠯᠴᠢ ᠪᠠᠷ ᠥᠷᠢᠰᠥᠯᠳᠦᠬᠦ᠂ ᠴᠢᠨᠠᠷ ᠴᠢᠨᠰᠠᠭ᠎ᠠ ᠶᠢ ᠬᠥᠭᠡᠭᠡᠴᠡᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠵᠤ ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠨᠡᠶᠢᠭᠡᠮ ᠳᠤ ᠴᠢᠨᠠᠷ ᠰᠠᠶᠢᠲᠠᠢ ᠪᠠᠷᠢᠯᠭ᠎ᠠ ᠶᠢᠨ ᠦᠢᠯᠡᠳᠬᠦᠨ ᠢ ᠴᠢᠷᠮᠠᠶᠢᠨ ᠬᠠᠩᠭᠠᠨ᠎ᠠ᠃    ᠢᠷᠡᠯᠲᠡ᠄ ᠤᠯᠤᠰ ᠤᠨ ᠰᠤᠨᠢᠨ ᠮᠡᠳᠡᠭᠡᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1