ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠬᠠᠮᠲᠤᠷᠠᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2024/8/27
      ᠰᠢᠶᠠᠨ ᠤ ᠵᠡᠮᠳᠡᠭᠴᠦᠳ ᠤᠨ ᠬᠤᠯᠪᠣᠭ᠎ᠠ᠂ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠬᠠᠮᠳᠤᠷᠠᠨ ᠠᠵᠢᠯᠲᠠᠨ ᠂ ᠡᠷᠡᠭᠦᠯᠵᠢᠯ ᠤᠨ ᠪᠠᠭᠰᠢ ᠶᠢ ᠵᠣᠬᠢᠶᠠᠨ ᠪᠠᠶᠢᠭᠤᠯᠵᠤ᠂ ᠰᠢᠶᠠᠨ ᠤ ᠬᠡᠪᠴᠢᠶᠡᠨ ᠳᠠᠬᠢ ᠴᠢᠳᠠᠪᠤᠷᠢ ᠪᠠᠨ ᠠᠯᠳᠠᠭᠰᠠᠨ᠂ ᠥᠨᠳᠥᠷ ᠨᠠᠰᠤᠲᠠᠶ᠂ ᠶᠠᠪᠤᠵᠤ ᠰᠠᠭᠤᠬᠤ ᠳᠤ ᠳᠥᠭᠦᠮ ᠦᠭᠡᠢ ᠵᠡᠮᠳᠡᠭᠴᠦᠳ ᠲᠤ ᠦᠨᠳᠦᠰᠦᠨ ᠡᠷᠡᠭᠦᠯᠵᠢᠯ ᠤᠨ ᠭᠡᠷ ᠲᠤᠨᠢ ᠬᠦᠷᠭᠡᠬᠦ ᠦᠢᠯᠡᠴᠢᠯᠡᠭᠡ ᠬᠠᠩᠭᠠᠪᠠ᠃      ᠭᠡᠷ ᠲᠤᠨᠢ ᠬᠦᠷᠴᠦ ᠦᠢᠯᠡᠴᠢᠯᠡᠬᠦ ᠬᠤᠭᠤᠴᠠᠭᠠᠨ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠵᠡᠮᠳᠡᠭᠴᠦᠳ ᠲᠤ ᠲᠤᠰᠠᠯᠠᠬᠤ ᠪᠠᠭᠠᠵᠢ ᠬᠦᠷᠭᠡᠵᠦ᠂ ︽ᠵᠡᠮᠳᠡᠭᠴᠦᠳ ᠲᠤ ᠠᠰᠢᠭ ᠬᠦᠷᠲᠡᠭᠡᠬᠦ ᠲᠣᠳᠣᠷᠬᠠᠶ ᠺᠠᠷᠲ︾ ᠲᠠᠷᠬᠠᠭᠠᠵᠤ᠂ ᠲᠡᠳᠡᠨ ᠤ ᠬᠦᠴᠢᠷᠳᠡᠯ ᠪᠠ ᠬᠡᠷᠡᠭᠴᠡᠭᠡ ᠶᠢ ᠯᠠᠪᠯᠠᠨ ᠠᠰᠠᠭᠤᠪᠠ᠃ ᠡᠷᠡᠭᠦᠯᠵᠢᠭᠦᠯᠦᠭᠴᠢ ᠵᠡᠮᠳᠡᠭᠴᠦᠳ ᠲᠤ ᠨᠠᠷᠢᠨ ᠨᠢᠭᠲᠠ ᠪᠦᠬᠦ ᠪᠡᠶ᠎ᠡ ᠶᠢᠨ ᠪᠠᠢᠴᠠᠭᠠᠯᠲᠠ ᠬᠢᠬᠦ ᠶᠢᠨ ᠬᠠᠮᠲᠤ ᠰᠡᠭᠦᠯᠴᠢ ᠶᠢᠨ ᠬᠤᠭᠤᠴᠠᠭᠠᠨ ᠤ ᠡᠷᠡᠭᠦᠯᠵᠢᠭᠦᠯᠬᠦ ᠲᠥᠰᠦᠯ ᠢ ᠬᠢᠵᠦ  ᠦᠭᠭᠦᠪᠡ᠃      ᠲᠣᠰ ᠠᠵᠢᠯᠯᠠᠭ᠎ᠠ ᠶᠢ ᠥᠷᠨᠢᠭᠦᠯᠦᠭᠰᠡᠨ ᠨᠢ ᠴᠢᠨᠠᠷ ᠰᠠᠶᠢᠲᠠᠶ  ᠦᠢᠯᠡᠴᠢᠯᠡᠭᠡᠨ ᠤ ᠬᠠᠩᠭᠠᠯᠭ᠎ᠠ ᠶᠢ ᠴᠢᠷᠮᠠᠶᠢᠨ ᠥᠷᠭᠡᠳᠬᠡᠵᠦ᠂ ᠨᠠᠩ ᠣᠯᠠᠨ ᠵᠡᠮᠳᠡᠭᠴᠦᠳ ᠲᠤ ᠴᠢᠨᠠᠷ ᠰᠠᠶᠢᠲᠠᠶ ᠡᠷᠡᠭᠦᠯᠵᠢᠯ ᠤᠨ ᠦᠢᠯᠡᠴᠢᠯᠡᠭᠡ ᠬᠦᠷᠲᠡᠭᠡᠬᠦ ᠶᠢᠨ ᠬᠠᠮᠲᠤ᠂ ᠵᠡᠮᠳᠡᠭᠴᠦᠳ ᠤᠨ ᠡᠷᠡᠭᠦᠯᠵᠢᠯ ᠤᠨ ᠤᠬᠠᠮᠰᠠᠷ ᠢ ᠴᠢᠩᠭᠠᠳᠬᠠᠵᠤ᠂ ᠲᠡᠳᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠡᠭᠦᠯᠴᠢ ᠶᠢᠨ ᠬᠤᠭᠤᠴᠠᠭᠠᠨ ᠤ ᠡᠷᠡᠭᠦᠯᠵᠢᠯ ᠤᠨ ᠪᠣᠯᠪᠠᠰᠤᠷᠠᠯ ᠢ ᠴᠢᠬᠤᠯᠠᠴᠢᠯᠠᠬᠤ ᠶᠢᠨ ᠲᠥᠯᠥᠭᠡ ᠶᠤᠮ᠃ ᠰᠢᠶᠠᠨ ᠤ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠡᠳᠬᠢᠯ ᠲᠠᠯᠪᠢᠨ ᠬᠦᠴᠦ ᠣᠷᠣᠭᠤᠯᠤᠨ ᠥᠷᠨᠢᠭᠦᠯᠵᠦ᠂ ᠵᠡᠮᠳᠡᠭᠴᠦᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1