ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2024/8/27
      ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠡᠰ ᠳᠡᠪᠰᠢᠭᠦᠯᠬᠦ ᠶᠠᠪᠤᠳᠠᠯ ᠪᠣᠯᠤᠨ᠎ᠠ᠂ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠪᠣᠯᠤᠨ ᠲᠣᠭᠠᠴᠢᠯᠠᠭᠰᠠᠨ ᠥᠭᠡᠷᠡᠴᠢᠯᠡᠯᠲᠡ ᠶᠢ ᠠᠭᠤᠰᠤᠯᠴᠠᠭᠤᠯᠬᠤ ᠦᠷ᠎ᠡ ᠪᠦᠲᠦᠮᠵᠢ ᠶᠢ ᠢᠯᠡᠷᠡᠭᠦᠯᠬᠦ ᠪᠣᠳᠠᠲᠠᠶ ᠢᠯᠡᠷᠡᠯ ᠪᠣᠯᠤᠨ᠎ᠠ᠃ ᠨᠠᠩ ᠣᠯᠠᠨ ᠬᠦᠷᠢᠶ᠎ᠡ ᠴᠠᠷᠠᠭ᠎ᠠ ᠳᠤ ᠨᠠᠩ ᠶᠡᠭᠡ ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠳᠥᠯᠭᠢᠨ ᠠᠬᠢᠭᠤᠯᠪᠠ᠃      ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠭᠡᠬᠦ ᠰᠢᠰᠲ᠋ᠧᠮ ᠢ ᠲᠦᠷᠭᠡᠳᠬᠡᠨ ᠡᠮᠬᠢᠯᠡᠨ ᠨᠡᠶᠢᠯᠡᠭᠦᠯᠵᠦ᠂ ᠪᠠᠷᠢᠮᠵᠢᠶ᠎ᠠ ᠶᠢᠨ ᠵᠢᠷᠤᠮᠵᠢᠯ᠂ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠪᠡᠶ᠎ᠡ ᠬᠡᠮ ᠤᠨ ᠭᠡᠷᠡᠴᠢᠯᠡᠯ᠂ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ᠂ ᠬᠡᠷᠡᠭᠯᠡᠬᠦ ᠬᠠᠮᠢᠶᠠᠷᠤᠯᠲᠠ ᠶᠢ ᠨᠢᠭᠡᠳᠦᠯᠲᠡᠶ ᠪᠣᠯᠭᠠᠨ᠂ ᠠᠵᠢᠯ ᠶᠠᠪᠤᠳᠠᠯ ᠭᠦᠢᠴᠡᠳᠭᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠳᠤ ᠪᠠᠨ ᠭᠥᠷᠳᠡᠬᠦ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠪᠠᠷ ᠭᠤᠶᠤᠴᠢᠯᠠᠬᠤ ᠳᠤ ︽ᠨᠢᠭᠡ ᠯᠡ ᠤᠳᠠᠭ᠎ᠠ ᠳᠤ ᠲᠤᠰᠢᠶᠠᠬᠤ︾ ᠶᠢᠨ ᠭᠦᠢᠴᠡᠳᠬᠡᠭᠰᠡᠨ ᠦᠷ᠎ᠡ ᠳ᠋ᠦᠩ ᠤᠨ ︽ᠣᠯᠠᠨ ᠲᠠᠯ᠎ᠠ ᠠᠴᠠ ᠣᠯᠵᠤ ᠠᠪᠬᠤ︾ ᠶᠢ ᠪᠡᠶᠡᠯᠡᠭᠦᠯᠦᠨ᠎ᠡ᠃      ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠪᠠᠷ ᠤᠳᠤᠷᠢᠳᠤᠮᠵᠢ ᠪᠣᠯᠭᠠᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠭᠦᠢᠴᠡᠳᠬᠡᠬᠦ︾ ᠶᠢ ᠪᠡᠶᠡᠯᠡᠭᠦᠯᠵᠦ᠂ ᠲᠣᠳᠣᠷᠬᠠᠶ ᠣᠶᠢᠯᠠᠭᠠᠮᠵᠢᠲᠠᠶ ᠠᠵᠢᠯ ᠤᠨ ᠲᠦᠷᠢᠮ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠪᠠᠶᠢᠭᠤᠯᠤᠨ ᠪᠦᠷᠢᠨᠰᠢᠭᠦᠯᠵᠦ᠂ ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠨ ᠡᠮᠬᠢᠯᠡᠨ ᠨᠡᠶᠢᠯᠡᠭᠦᠯᠵᠦ᠂ ᠣᠯᠠᠨ ᠬᠦᠰᠦᠨᠦᠭᠲᠦ ᠶᠢ ᠨᠡᠶᠢᠯᠡᠭᠦᠯᠦᠨ ᠨᠢᠭᠡ ᠪᠣᠯᠭᠠᠵᠤ᠂ ᠭᠤᠶᠤᠴᠢᠯᠠᠭᠴᠢ ᠳᠤ ᠵᠥᠪᠬᠡᠨ ᠱᠠᠭᠠᠷᠳᠠᠯᠭ᠎ᠠ ᠶᠣᠰᠣᠭᠠᠷ ᠨᠢᠭᠡ ᠢᠵᠢ ᠭᠤᠶᠤᠴᠢᠯᠠᠬᠤ ᠮᠠᠲ᠋ᠧᠷᠢᠶᠠᠯ ᠢ ᠬᠠᠩᠭᠠᠪᠠᠯ ᠳᠠᠷᠤᠶ ᠰᠢᠢᠳᠪᠦᠷᠢᠯᠡᠵᠦ ᠪᠣᠯᠬᠤ ᠶᠢ ᠦᠨᠡᠨᠬᠦ  ᠪᠠᠳᠤᠯᠠᠨ᠎ᠠ᠃ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠠᠩᠬ᠎ᠠ ᠬᠦᠯᠢᠶᠡᠨ ᠠᠪᠬᠤ ᠬᠠᠷᠢᠭᠤᠴᠠᠯᠭ᠎ᠠ ᠶᠢᠨ ᠲᠦᠷᠢᠮ᠂ ᠠᠩᠬ᠎ᠠ ᠲᠤᠰᠢᠶᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠪᠠᠬᠢᠯᠡᠯᠲᠡ ᠶᠢ ᠪᠠᠭᠠᠰᠬᠠᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭᠠᠨ ᠤ ᠲᠠᠯ᠎ᠠ ᠠᠴᠠ ᠴᠢᠬᠤᠯᠠᠴᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠢ ᠣᠯᠠᠨ ᠡᠰᠢᠵᠢᠭᠦᠯᠬᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠬᠠᠮᠤᠭ ᠤᠨ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠬᠠᠮᠤᠭ ᠤᠨ ᠳᠥᠭᠦᠮᠴᠢᠯᠡᠬᠦ᠂ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠬᠠᠮᠤᠭ ᠤᠨ ᠪᠠᠭ᠎ᠠ ᠪᠣᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃  ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1