ᠲᠣᠭᠲᠠᠬᠤ ᠰᠢᠶᠠᠨ ᠪᠣᠯᠣᠨ ᠥᠪᠥᠷ ᠮᠣᠩᠭᠤᠯ ᠤᠨ ᠳ᠋ᠠ ᠲᠠᠩ ᠤᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠯᠠᠨ ᠡᠨᠧᠷᠭᠢ ᠶᠢᠨ ᠬᠠᠮᠵᠢᠯᠴᠠᠭᠠᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ ᠴᠢᠨᠠᠷ ᠰᠠᠶᠢᠲᠠᠢ ᠬᠥᠭᠵᠢᠯᠲᠡ ᠶᠢᠨ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/8/27
8 ᠳ᠋ᠤᠭᠠᠷ ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠯᠠᠨ ᠡᠨᠧᠷᠭᠢ ᠶᠢᠨ ᠬᠠᠮᠵᠢᠯᠴᠠᠭᠠᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠶᠠᠪᠤᠭᠳᠠᠪᠠ᠃      ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢ ᠶᠠᠪᠤᠭᠳᠠᠭᠤᠯᠤᠭᠰᠠᠨ ᠶᠠᠪᠤᠳᠠᠯ ᠪᠣᠯ ᠲᠣᠭᠲᠠᠬᠤ ᠰᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠪᠠᠶᠢᠭᠤᠯᠬᠤ︾᠂ ︽ᠥᠨᠳᠥᠷ ᠬᠢᠷᠢ ᠲᠦᠪᠰᠢᠨ ᠪᠥᠬᠦᠶ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ︾᠂ ᠡᠷᠬᠡᠪᠰᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠰᠢᠯᠢᠳᠡᠭᠵᠢᠭᠦᠯᠬᠦ ᠪᠠ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ︾ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠠᠵᠢᠯ ᠢᠶᠠᠨ ᠠᠬᠢᠭᠤᠯᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ︾᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠢᠯᠡ ᠲᠣᠳᠣ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠡᠷᠡᠰ ᠭᠤᠶᠢᠪᠢᠰᠢ ᠥᠬᠡᠶ ᠰᠠᠶᠢᠲᠤᠷ ᠪᠠᠳᠠᠷᠠᠭᠤᠯᠬᠤ ᠬᠡᠷᠡᠭᠲᠡᠶ︾ ᠭᠡᠬᠦ ᠤᠷᠢᠶᠠᠯᠠᠭ᠎ᠠ ᠶᠢᠨ ᠠᠮᠢᠳᠤᠯᠢᠭ ᠦᠢᠯᠡᠳᠦᠯᠭᠡ ᠮᠥᠨ᠃      ᠲᠥᠷᠥᠯ ᠵᠦᠢᠯ ᠨᠢ ᠲᠣᠭᠲᠠᠬᠤ ᠰᠢᠶᠠᠨ ᠤ ︽ᠮᠢᠩᠭᠠᠨ ᠳ᠋ᠦᠩᠰᠢᠭᠤᠷ ᠲᠠᠰ ᠤᠨ ᠬᠦᠷᠢᠶᠡᠯᠡᠩ ᠲᠣᠭᠤᠷᠢᠭ︾ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠠᠷ ᠬᠠᠷᠠᠯᠲᠠ ᠪᠣᠯᠭᠠᠵᠤ᠂ ᠬᠤᠶᠠᠷ ᠲᠠᠯ᠎ᠠ ᠪᠠᠷ ᠢᠶᠠᠨ ᠡᠯ᠎ᠡ ᠲᠠᠯ᠎ᠠ ᠶᠢᠨ ᠰᠢᠨ᠎ᠡ ᠡᠨᠧᠷᠭᠢ ᠶᠢᠨ ᠬᠦᠷᠢᠶᠡᠨ ᠳᠠᠬᠢ ᠡᠬᠢ ᠪᠠᠶᠠᠯᠢᠭ᠂ ᠮᠡᠷᠭᠡᠵᠢᠯ᠂ ᠪᠠᠯᠠ ᠣᠷᠣᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠦᠷᠢᠯᠳᠦᠭᠦᠯᠵᠦ᠂ ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠬᠤ ᠪᠠᠷ ᠲᠥᠯᠥᠪᠯᠡᠵᠦ ᠪᠣᠶ᠃ ᠬᠠᠮᠲᠤᠷᠠᠯᠴᠠᠭᠠᠨ ᠤ ᠠᠭᠤᠯᠭ᠎ᠠ ᠨᠢ ᠲᠣᠭᠲᠠᠬᠤ ᠰᠢᠶᠠᠨ ᠤ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ 50 ᠲᠦᠮᠡᠨ ᠺᠢᠯᠣᠸᠠᠲ ᠤᠨ ᠰᠠᠯᠬᠢ ᠭᠡᠷᠡᠯ ᠤᠨ ᠡᠬᠢ ᠪᠠᠶᠠᠯᠢᠭ ᠬᠠᠩᠭᠠᠵᠤ᠂ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ ᠶᠢᠨ ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠣᠭᠲᠠᠬᠤ ᠰᠢᠶᠠᠨ ᠳᠤ ᠲᠤᠭ᠎ᠠ ᠶᠣᠰᠣᠭᠠᠷ ᠠᠵᠤ ᠦᠢᠯᠡᠳᠪᠦᠷᠢ ᠶᠢᠨ ᠠᠭᠤᠷ ᠬᠠᠩᠭᠠᠨ᠎ᠠ      ︽ᠲᠤᠰ ᠤᠳᠠᠭ᠎ᠠ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠪᠣᠯ ᠲᠣᠭᠲᠠᠬᠤ ᠰᠢᠶᠠᠨ ᠤ ᠨᠠᠮ ᠤᠨ ᠬᠤᠷᠢᠶ᠎ᠡ ᠂ ᠵᠠᠰᠠᠭ ᠤᠨ ᠣᠷᠳᠣᠨ ᠪᠣᠯᠤᠨ ᠲᠣᠭᠲᠠᠬᠤ ᠴᠠᠬᠢᠯᠭᠠᠨ ᠤ ᠺᠣᠮᠫᠠᠨᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠᠷ ᠳᠠᠮᠵᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠢᠳᠡ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠲᠣᠭᠲᠠᠬᠤ ᠶᠢᠨ 50 ᠲᠦᠮᠡᠨ ᠺᠢᠯᠣᠸᠠᠲ ᠤᠨ ᠥᠩᠭᠡ ᠦᠵᠡᠮᠵᠢ ᠶᠢᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1