ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ 2024 ᠣᠨ ᠤ ᠨᠠᠮᠤᠷ ᠤᠨ ᠤᠯᠠᠷᠢᠯ ᠤᠨ ᠰᠣᠷᠣᠭᠴᠢ ᠡᠯᠰᠡᠬᠦ ᠮᠡᠳᠡᠭᠳᠡᠯ
ᠨᠡᠶᠢᠲᠡᠯᠡᠭᠰᠡᠨ ᠴᠠᠭ᠄
2024/8/27
ᠬᠦᠨᠳᠦᠲᠦ ᠨᠠᠰᠤᠲᠠᠶᠢᠴᠤᠳ ᠮᠢᠨᠢ᠄      2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠤᠳᠠᠯ ᠥᠬᠡᠶ ᠡᠬᠢᠯᠡᠬᠦ ᠭᠡᠵᠦ ᠪᠠᠶᠢᠨ᠎ᠠ᠂ ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠡᠯᠪᠡᠭ ᠪᠠᠶᠠᠯᠢᠭ ᠠᠭᠤᠯᠭ᠎ᠠ ᠲᠠᠢ ᠬᠢᠴᠢᠶᠡᠯ ᠨᠡᠭᠡᠭᠡᠵᠦ᠂ ᠲᠠᠨ ᠤ ᠣᠷᠣᠯᠴᠠᠬᠤ ᠶᠢ ᠬᠦᠰᠡᠵᠦ ᠪᠠᠶᠢᠨ᠎ᠠ︕      ᠨᠢᠭᠡ᠂ ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠲᠣᠪᠴᠢ ᠲᠠᠨᠢᠯᠴᠠᠭᠤᠯᠭ᠎ᠠ  ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠪᠣᠯ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠠᠵᠢᠯᠲᠠᠨ ᠠᠵᠢᠯᠴᠢᠨ ᠪᠠ ᠨᠡᠶᠢᠭᠡᠮ ᠤᠨ ᠢᠳᠡᠷ ᠨᠠᠰᠤᠲᠠᠶᠢᠴᠤᠳ ᠤᠨ ᠨᠠᠰᠤᠨ ᠲᠤᠷᠰᠢ ᠶᠢᠨ ᠰᠤᠷᠭᠠᠨ ᠬᠥᠮᠦᠵᠢᠯ ᠢ ᠪᠡᠶᠡᠯᠡᠭᠦᠯᠬᠦ ᠶᠢᠨ ᠲᠥᠯᠥᠭᠡ ᠡᠭᠦᠳᠦᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ ᠮᠥᠨ᠃ ᠲᠤᠰ ᠰᠤᠷᠭᠠᠭᠤᠯᠢ ᠨᠢ ᠸᠠᠨ ᠹᠦ᠋ ᠳ᠋ᠦ᠋ ᠾᠦᠢ ᠶᠢᠨ ᠵᠡᠬᠦᠨ ᠳᠤᠭᠤᠷᠢᠭ ᠤᠨ ᠬᠤᠳᠠᠯᠳᠤᠭᠠᠨ ᠤ ᠠᠰᠠᠷ ᠤᠨ ᠲᠦᠷᠪᠡᠳᠦᠭᠡᠷ ᠲᠠᠪᠬᠤᠷᠯᠢᠭ ᠪᠠ ᠲᠠᠪᠤᠳᠤᠭᠠᠷ ᠲᠠᠪᠬᠤᠷᠯᠢᠭ ᠲᠤ ᠪᠠᠶᠢᠷᠢᠰᠢᠵᠤ ᠪᠠᠶᠢᠳᠠᠭ ᠃ ᠪᠠᠷᠢᠯᠭ᠎ᠠ ᠶᠢᠨ ᠲᠠᠯᠠᠪᠠᠶ ᠨᠢ 2020 .62 ᠲᠡᠭᠰᠢ ᠳᠥᠷᠪᠡᠯᠵᠢᠨ ᠮᠧᠲᠷ᠂ ᠣᠷᠣᠨ ᠪᠠᠶᠢᠷᠢ ᠨᠢ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ᠂ ᠲᠥᠬᠦᠭᠡᠷᠦᠮᠵᠢ ᠨᠢ ᠲᠡᠷᠢᠭᠦᠨ ᠤ᠂ ᠴᠢᠳᠠᠮᠵᠢ ᠨᠢ ᠪᠦᠷᠢᠨ ᠭᠦᠢᠴᠡᠳ ᠪᠠᠶᠢᠳᠠᠭ᠃ ᠰᠤᠷᠭᠠᠭᠤᠯᠢ ︽ᠮᠡᠳᠡᠯᠭᠡ ᠪᠠᠨ ᠨᠡᠮᠡᠭᠳᠡᠭᠦᠯᠬᠦ᠂ ᠠᠮᠢᠳᠤᠷᠠᠯ ᠢᠶᠠᠨ ᠪᠠᠶᠠᠯᠢᠭᠵᠢᠭᠤᠯᠬᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ᠂ ᠡᠷᠡᠭᠦᠯ ᠮᠡᠨᠳᠦ ᠶᠢ ᠠᠬᠢᠭᠤᠯᠬᠤ᠂ ᠨᠡᠶᠢᠭᠡᠮ ᠳᠤ ᠦᠢᠯᠡᠴᠢᠯᠡᠬᠦ︾ ᠰᠤᠷᠭᠠᠭᠤᠯᠢ ᠡᠷᠭᠢᠯᠡᠬᠦ ᠵᠣᠷᠢᠯᠲᠠ ᠶᠢ ᠪᠠᠷᠢᠮᠲᠠᠯᠠᠵᠤ᠂ ᠪᠣᠳᠠᠲᠠᠶ ᠳᠤ ᠰᠠᠭᠤᠷᠢᠯᠠᠨ᠂ ᠭᠤᠤᠯᠳᠠᠯᠭ᠎ᠠ ᠶᠢ ᠳᠣᠪᠤᠶᠢᠯᠭᠠᠨ᠂ ᠨᠠᠰᠤᠲᠠᠶᠢᠴᠤᠳ ᠤᠨ ᠣᠨᠴᠠᠯᠢᠭ ᠲᠤ ᠳᠣᠭᠢᠷᠠᠬᠤ ᠰᠤᠷᠭᠠᠭᠤᠯᠢ ᠡᠷᠭᠢᠯᠡᠬᠦ ᠠᠷᠭ᠎ᠠ ᠮᠠᠶ᠋ᠢᠭ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠣᠷᠠᠯ ᠴᠢᠳᠠᠪᠤᠷᠢ ᠬᠤᠣᠰᠯᠠᠭᠰᠠᠨ ᠪᠠᠭᠰᠢ ᠶᠢᠨ ᠡᠩᠨᠡᠭᠡ᠂ ᠰᠢᠯᠢᠳᠡᠭ ᠵᠢᠭᠠᠨ ᠰᠤᠷᠭᠠᠯᠲᠠ ᠶᠢᠨ ᠶᠠᠰᠤ ᠴᠢᠨᠠᠷ᠂ ᠬᠥᠮᠥᠡᠯᠢᠭ ᠬᠠᠮᠢᠶᠠᠷᠤᠯᠲᠠ ᠶᠢᠨ ᠦᠢᠯᠡᠴᠢᠯᠡᠭᠡ ᠪᠠ ᠲᠠᠩᠰᠤᠭ ᠰᠠᠶᠢᠬᠠᠨ ᠰᠤᠷᠭᠠᠭᠤᠯᠢ ᠶᠢᠨ ᠬᠦᠷᠢᠶᠡᠨ ᠤ ᠰᠣᠶᠣᠯ ᠢᠶᠠᠷ ᠨᠠᠩ ᠣᠯᠠᠨ ᠢᠳᠡᠷ ᠥᠲᠡᠯᠦᠭᠡ ᠨᠠᠰᠤᠨ ᠤ ᠨᠠᠶᠢᠵᠠ ᠨᠠᠷ ᠤᠨ ᠰᠤᠷᠤᠯᠴᠠᠯᠭ᠎ᠠ ᠳᠤ ᠣᠷᠣᠯᠴᠠᠵᠤ᠂ ᠮᠠᠨ ᠤ ᠰᠢᠶᠠᠨ ᠤ ᠢᠳᠡᠷ ᠪᠠ ᠨᠠᠰᠤᠲᠠᠶᠢᠴᠤᠳ ᠨᠠᠶᠢᠵᠠ ᠨᠠᠷ ᠲᠤ ᠥᠨᠳᠥᠷ ᠲᠠᠰ ᠳᠠᠪᠬᠤᠷᠭ᠎ᠠ ᠶᠢᠨ ᠰᠣᠶᠣᠯ ᠰᠤᠷᠭᠠᠨ ᠬᠥᠮᠦᠵᠢᠯ ᠤᠨ ᠲᠠᠪᠴᠠᠩ ᠬᠠᠩᠭᠠᠭᠰᠠᠨ ᠪᠠᠶᠢᠨ᠎ᠠ᠃      ᠬᠤᠶᠠᠷ᠂ ᠰᠤᠷᠤᠭᠴᠢ ᠡᠯᠰᠡᠬᠦ ᠲᠦᠢᠮᠣ ᠪᠠᠶᠢᠳᠠᠯ      ︵ᠨᠢᠭᠡ︶ ᠲᠤᠰᠬᠠᠢ ᠮᠡᠷᠭᠡᠵᠢᠯ      2024 ᠤᠨ ᠤ ᠨᠠᠮᠤᠷ ᠤᠨ ᠤᠯᠠᠷᠢᠯ ᠳᠤ 9 ᠵᠢᠭᠠᠨ ᠰᠤᠷᠭᠠᠬᠤ ᠠᠩᠬᠢ ᠡᠷᠬᠢᠯᠡᠬᠦ ᠪᠠᠷ ᠳᠦᠯᠦᠪᠯᠡᠵᠦ ᠪᠠᠶᠢᠨ᠎ᠠ᠂ ᠳᠤᠰ ᠳᠤᠰ᠄ ᠤᠷᠠᠨ ᠵᠢᠷᠤᠭ ᠤᠨ ᠠᠩᠬᠢ᠂ ᠤᠷᠠᠨ ᠪᠢᠴᠢᠯᠬᠡ ᠶᠢᠨ ᠠᠩᠬᠢ᠂ ᠬᠦᠳᠦᠯᠦᠭᠴᠢ ᠶᠢᠨ ᠠᠩᠬᠢ ᠂ ᠪᠦᠵᠢᠭ ᠤᠨ ᠠᠩᠬᠢ᠂ ᠴᠣᠨᠣᠭᠯᠠᠬᠤ ᠠᠩᠬᠢ᠂ ᠶᠤᠭᠠᠵᠠᠷ ᠤᠨ ᠠᠩᠬᠢ᠂ ᠮᠤᠳᠧᠯ ᠤᠨ ᠦᠵᠡᠰᠬᠦᠯᠡᠩᠳᠦ ᠠᠶᠠᠯᠠᠯ ᠤᠨ ᠠᠩᠬᠢ ᠪᠠ ᠴᠠᠭᠠᠰᠤᠨ ᠬᠠᠶᠢᠴᠢᠯᠠᠮᠠᠯ ᠤᠨ ᠠᠩᠬᠢ ᠨᠡᠬᠡᠬᠡᠵᠦ᠂ ᠠᠩᠬᠢ ᠪᠦᠷᠢ ᠳᠤ 30 ᠰᠤᠷᠤᠭᠴᠢ ᠡᠯᠰᠡᠬᠦ ᠪᠠᠷ ᠳᠦᠯᠦᠪᠯᠡᠨ᠂ ᠪᠠᠷᠤᠭ 270 ᠬᠦᠮᠦᠨ ᠤᠳᠠᠭ᠎ᠠ ᠡᠯᠰᠡᠬᠦ ᠪᠠᠷ ᠳᠦᠯᠦᠪᠯᠡᠵᠡᠢ᠃      ︵ᠬᠤᠶᠠᠷ︶᠂ ᠰᠣᠷᠣᠭᠴᠢ ᠡᠯᠰᠡᠬᠦ ᠡᠲᠡᠭᠡᠳ ᠤᠨ ᠨᠠᠰᠤ ᠵᠢᠯ ᠤᠨ 50 - 80 ᠪᠦᠬᠦᠯᠢ ᠨᠠᠰᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠠᠵᠢᠯᠲᠠᠨ ᠪᠤᠶᠤ ᠨᠡᠶᠢᠭᠡᠮ ᠤᠨ ᠳᠤᠮᠳᠠ ᠨᠠᠰᠤᠲᠠᠶᠢᠴᠤᠳ᠃ ᠪᠦᠵᠢᠭ ᠤᠨ ᠲᠤᠰᠬᠠᠢ ᠮᠡᠷᠭᠡᠵᠢᠯ ᠤᠨ ᠨᠡᠷ᠎ᠡ ᠮᠡᠳᠡᠭᠦᠯᠬᠦ ᠨᠠᠰᠤ ᠨᠢ 70 ᠨᠠᠰᠤ ᠠᠴᠠ ᠪᠠᠭ᠎ᠠ ᠪᠠᠶᠢᠬᠤ ᠬᠡᠷᠡᠭᠲᠡᠢ᠃ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠰᠢᠭᠤᠳ ᠲᠥᠷᠥᠯ ᠰᠠᠳᠤᠨ ᠪᠠ ᠰᠤᠷᠭᠠᠭᠤᠯᠢ ᠳᠤ ᠬᠦᠷᠴᠦ ︽ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠰᠠᠶ᠋ᠢ ᠰᠤᠷᠭᠠᠭᠤᠯᠢ ᠳᠤ ᠣᠷᠣᠵᠤ ᠪᠣᠯᠤᠨ᠎ᠠ᠃ ᠣᠶᠤᠨ ᠰᠠᠨᠠᠭᠠᠨ ᠤ ᠲᠥᠷᠥᠯ᠂ ᠬᠠᠯᠳᠠᠪᠤᠷᠢᠲᠤ ᠡᠪᠡᠳᠴᠢᠨ ᠤ ᠲᠥᠷᠥᠯ ᠤᠨ ᠡᠪᠡᠳᠴᠢᠨ ᠳᠤ ᠨᠡᠷᠪᠡᠭᠳᠡᠭᠰᠡᠳ ᠤᠨ ᠨᠡᠷ᠎ᠡ ᠮᠡᠳᠡᠭᠦᠯᠵᠦ ᠥᠬᠡᠶ᠃      ︵ᠭᠤᠷᠪᠠ︶ ᠨᠡᠷ᠎ᠡ ᠮᠡᠳᠡᠭᠦᠯᠬᠦ ᠴᠠᠭ ᠪᠠ ᠭᠠᠵᠠᠷ ᠢᠶᠠᠷ      ᠨᠡᠷ᠎ᠡ ᠮᠡᠳᠡᠭᠦᠯᠬᠦ ᠴᠠᠭ᠄ ᠲᠣᠰ ᠡᠳᠦᠷ ᠠᠴᠠ ᠡᠬᠢᠯᠡᠨ 8 ᠳ᠋ᠤᠭᠠᠷ ᠰᠠᠷ᠎ᠠ ᠶᠢᠨ 30 ᠤ ᠡᠳᠦᠷ ᠪᠤᠯᠳᠠᠯ᠎ᠠ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9 ᠴᠠᠭ ᠠᠴᠠ 12 ᠴᠠᠭ᠂ ᠦᠳᠡ ᠶᠢᠨ ᠬᠤᠶᠢᠨᠠᠬᠢ 2 ᠴᠠᠭ ᠬᠠᠭᠠᠰ ᠠᠴᠠ 5 ᠴᠠᠭ ᠬᠠᠭᠠᠰ ︶      ᠨᠡᠷ᠎ᠡ ᠮᠡᠳᠡᠭᠦᠯᠬᠦ ᠭᠠᠵᠠᠷ᠄ ᠸᠠᠨ ᠹᠦ᠋ ᠳ᠋ᠦ᠋ ᠾᠦᠢ ᠵᠡᠭᠦᠨ ᠲᠣᠭᠤᠷᠢᠭ ᠤᠨ ᠡᠰᠡᠷᠭᠦ ᠲᠠᠯ᠎ᠠ ᠶᠢᠨ ᠸᠠᠩ ᠮᠢᠨ ᠰᠢᠳᠦᠨ ᠰᠠᠯᠠᠭᠠᠨ ᠤ ᠠᠰᠠᠷ ᠳᠡᠭᠡᠷᠡᠬᠢ 403 ᠥᠷᠥᠭᠡ        ᠭᠤᠷᠪᠠ᠂ ᠨᠡᠷ᠎ᠡ ᠮᠡᠳᠡᠭᠦᠯᠬᠦ ᠬᠠᠮᠢᠶ᠎ᠠ ᠪᠦᠬᠦᠢ ᠤᠴᠢᠷ ᠶᠠᠪᠤᠳᠠᠯ      1᠂ ᠬᠢᠴᠢᠶᠡᠯ ᠪᠦᠷᠢ ᠶᠢᠨ ᠰᠤᠷᠤᠯᠭ᠎ᠠ ᠶᠢᠨ ᠵᠢᠯ ᠪᠦᠷᠢ ᠶᠢᠨ ᠰᠤᠷᠤᠯᠭ᠎ᠠ ᠶᠢᠨ ᠵᠠᠷᠤᠳᠠᠯ ᠢ 100 ᠲᠥᠭᠦᠷᠢᠭ ︵ᠪᠡᠯᠡᠨ ᠮᠥᠩᠭᠦ︶᠂ ᠰᠤᠷᠤᠭᠴᠢ ᠨᠢᠭᠡᠪᠦᠷᠢ ᠶᠢᠨ ᠰᠤᠷᠤᠯᠭ᠎ᠠ ᠶᠢᠨ ᠵᠢᠯ ᠪᠦᠷᠢ 2 ᠲᠥᠷᠥᠯ ᠤᠨ ᠬᠢᠴᠢᠶᠡᠯ ᠢ ᠮᠡᠳᠡᠭᠦᠯᠦᠨ᠎ᠡ᠃      2᠂ ᠨᠡᠷ᠎ᠡ ᠮᠡᠳᠡᠭᠦᠯᠵᠦ ᠰᠦᠢᠳᠬᠡᠯ ᠲᠤᠰᠢᠶᠠᠬᠤ ᠳᠤ ᠪᠣᠯᠭᠤᠮᠵᠢᠲᠠᠢ ᠪᠠᠶᠢᠬᠤ ᠬᠡᠷᠡᠭᠲᠡᠢ᠂ ᠰᠦᠢᠳᠬᠡᠯ ᠲᠤᠰᠢᠶᠠᠭᠰᠠᠨ ᠤ ᠳᠠᠷᠠᠭ᠎ᠠ ᠰᠤᠷᠤᠯᠭ᠎ᠠ ᠶᠢᠨ ᠵᠠᠷᠤᠳᠠᠯ ᠢ ᠰᠢᠶᠠᠨ ᠤ ᠡᠳ᠋ ᠤᠨ ᠵᠠᠰᠠᠭ ᠤᠨ ᠲᠤᠰᠬᠠᠢ ᠳᠠᠩᠰᠠᠨ ᠳᠤ ᠣᠷᠣᠭᠤᠯᠤᠨ᠎ᠠ᠃ ᠰᠦᠢᠳᠬᠡᠯ ᠲᠤᠰᠢᠶᠠᠭᠰᠠᠨ ᠤ ᠳᠠᠷᠠᠭ᠎ᠠ ᠰᠦᠢᠳᠬᠡᠯ ᠢ ᠨᠢ ᠪᠤᠴᠠᠭᠠᠬᠤ ᠦᠭᠡᠶ᠂ ᠠᠩᠭᠢ ᠶᠢ ᠰᠢᠯᠵᠢᠭᠦᠯᠬᠦ ᠦᠭᠡᠶ᠃      3. ᠨᠡᠷ᠎ᠡ ᠮᠡᠳᠡᠭᠦᠯᠬᠦ ᠳᠤ ᠲᠣᠰ ᠬᠥᠮᠦᠨ ᠨᠢ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ᠂ ᠪᠠᠭᠤᠯᠭᠠᠪᠤᠷᠢ ᠪᠠ ᠬᠤᠶᠠᠷ ᠢᠮᠠᠬᠤ ᠬᠥᠬᠡ ᠰᠡᠭᠦᠳᠡᠷ ᠢᠶᠠᠨ ᠠᠪᠴᠤ  ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠵᠦ᠂ ᠪᠤᠰᠤᠳ ᠢᠶᠠᠷ ᠣᠷᠣᠯᠠᠭᠤᠯᠤᠨ ᠨᠡᠷ᠎ᠡ ᠮᠡᠳᠡᠭᠦᠯᠵᠦ ᠪᠣᠯᠬᠤ ᠥᠬᠡᠶ᠃      4᠂ ᠠᠰᠠᠭᠤᠨ ᠯᠠᠪᠯᠠᠬᠤ ᠤᠲᠠᠰᠤ᠄ 0471 - 8554388 / 8510334        ᠳᠥᠷᠪᠡ᠂ ᠰᠤᠷᠤᠯᠭᠠᠲᠠᠳ ᠡᠷᠬᠡᠪᠰᠢ ᠠᠩᠬᠠᠷᠬᠤ ᠵᠦᠢᠯ      ︵ᠨᠢᠭᠡ︶ ᠰᠤᠷᠤᠯᠭᠠᠲᠠᠨ ᠥᠪᠡᠷ ᠤᠨ ᠨᠠᠰᠤ ᠵᠢᠯ᠂ ᠳᠤᠷ᠎ᠠ ᠰᠣᠨᠢᠷᠬᠠᠯ᠂ ᠡᠷᠡᠭᠦᠯ ᠴᠢᠭᠢᠷᠠᠭ ᠤᠨ ᠪᠠᠶᠢᠳᠠᠯ᠂ ᠴᠠᠭ ᠤᠨ ᠲᠣᠬᠢᠷᠠᠭᠤᠯᠤᠯᠲᠠ ᠵᠡᠷᠭᠡ ᠪᠠᠨ ᠦᠨᠳᠦᠰᠦᠯᠡᠨ ᠥᠪᠡᠷ ᠤᠨ ᠰᠤᠷᠤᠯᠴᠠᠬᠤ ᠳᠤ ᠲᠣᠬᠢᠷᠠᠬᠤ ᠬᠢᠴᠢᠶᠡᠯ ᠢ ᠰᠣᠩᠭᠤᠵᠤ᠂ ᠰᠤᠷᠤᠭᠴᠢᠳ ᠤᠨ ᠲᠤᠰ ᠪᠡᠶ᠎ᠡ ᠶᠢᠨ ᠠᠵᠢᠯᠯᠠᠭ᠎ᠠ ᠠᠴᠠ ᠪᠣᠯᠵᠤ ᠵᠠᠰᠠᠪᠤᠷᠢ ᠣᠷᠣᠭᠤᠯᠬᠤ ᠦᠭᠡᠶ᠃      ︵ᠬᠤᠶᠠᠷ︶ ᠠᠩᠭᠢ ᠶᠢᠨ ᠬᠢᠨ ᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠲᠣᠭᠲᠠᠭᠠᠭᠰᠠᠨ ᠬᠥᠮᠦᠨ ᠤ ᠲᠤᠭ᠎ᠠ ᠶᠢᠨ 50% ᠳᠤ ᠬᠦᠷᠦᠭᠡᠳᠦᠶ ᠪᠣᠯ ᠠᠩᠭᠢ ᠡᠬᠢᠯᠡᠬᠦ ᠦᠭᠡᠶ᠃ ᠰᠤᠷᠤᠭᠴᠢᠳ ᠨᠡᠷ᠎ᠡ ᠮᠡᠳᠡᠭᠦᠯᠵᠦ ᠠᠮᠵᠢᠯᠲᠠ ᠣᠯᠤᠭᠰᠠᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠮᠡᠳᠡᠭᠦᠯᠦᠭᠰᠡᠨ ᠬᠢᠴᠢᠶᠡᠯ ᠤᠨ ᠰᠤᠷᠤᠯᠭ᠎ᠠ ᠶᠢᠨ ᠰᠦᠢᠳᠬᠡᠯ ᠢᠶᠠᠨ ᠴᠠᠭ ᠲᠤᠬᠠᠶ ᠳᠤᠨᠢ ᠲᠤᠰᠢᠶᠠᠵᠤ᠂ ᠲᠣᠭᠲᠠᠭᠰᠠᠨ ᠴᠠᠭ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠰᠦᠢᠳᠬᠡᠯ ᠲᠤᠰᠢᠶᠠᠬᠤ ᠦᠭᠡᠢ ᠪᠣᠯ ᠰᠤᠷᠭᠠᠭᠤᠯᠢ ᠳᠤ ᠣᠷᠣᠬᠤ ᠪᠠᠨ ᠪᠣᠯᠢᠭᠰᠠᠨ ᠢᠶᠠᠷ ᠦᠵᠡᠵᠦ᠂ ᠣᠷᠣᠨ ᠲᠤᠭ᠎ᠠ ᠪᠠᠨ ᠦᠯᠡᠳᠡᠭᠡᠵᠦ ᠪᠣᠯᠬᠤ ᠦᠭᠡᠢ᠃      ︵ᠭᠤᠷᠪᠠ︶ ᠰᠤᠷᠤᠭᠴᠢᠳ ᠡᠷᠬᠡᠪᠰᠢ ᠰᠤᠷᠭᠠᠭᠤᠯᠢ ᠶᠢᠨ ᠳᠦᠷᠢᠮ ᠲᠣᠭᠲᠠᠭᠠᠯ ᠢ ᠵᠢᠷᠤᠮᠯᠠᠬᠤ ᠬᠡᠷᠡᠭᠲᠡᠶ᠂ ᠬᠡᠷᠪᠡ ᠳᠣᠤᠷᠠᠬᠢ ᠪᠠᠶᠢᠳᠠᠯ ᠭᠠᠷᠪᠠᠯ ᠰᠤᠷᠭᠠᠭᠤᠯᠢ ᠨᠢ ᠰᠤᠷᠤᠭᠴᠢᠳ ᠢ ᠰᠤᠷᠤᠯᠭ᠎ᠠ ᠶᠢ ᠵᠣᠭᠰᠣᠭᠠᠬᠤ ᠡᠷᠬᠡ ᠲᠠᠢ᠂ ᠰᠤᠷᠤᠯᠭ᠎ᠠ ᠶᠢᠨ ᠰᠦᠢᠳᠬᠡᠯ ᠢ ᠪᠤᠴᠠᠭᠠᠬᠤ ᠦᠭᠡᠶ᠃      1᠂ ᠰᠤᠷᠤᠯᠭ᠎ᠠ ᠶᠢᠨ ᠬᠤᠭᠤᠴᠠᠭᠠᠨ ᠳᠤ ᠬᠢᠴᠢᠶᠡᠯ ᠣᠷᠣᠬᠤ ᠦᠭᠡᠢ ᠤᠳᠠᠭ᠎ᠠ ᠪᠦᠷᠢ ᠬᠢᠴᠢᠶᠡᠯ ᠤᠨ ᠶᠡᠷᠦᠩᠬᠡᠶ ᠲᠤᠭ᠎ᠠ ᠠᠴᠠ ᠳᠠᠪᠠᠭᠰᠠᠨ 1 / 2᠄      2᠂ ᠣᠯᠠᠨ ᠤᠳᠠᠭ᠎ᠠ ᠰᠤᠷᠭᠠᠭᠤᠯᠢ ᠶᠢᠨ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ︔      3᠂ ᠪᠠᠭᠰᠢ ᠪᠤᠶᠤ ᠪᠤᠰᠤᠳ ᠰᠤᠷᠤᠭᠴᠢᠳ ᠲᠠᠢ ᠵᠥᠷᠢᠴᠡᠯ ᠭᠠᠷᠴᠤ᠂ ᠡᠶᠡᠳᠡᠭᠦᠯᠭᠡ ᠶᠢ ᠬᠦᠯᠢᠶᠡᠬᠦ ᠦᠭᠡᠢ ᠪᠥᠭᠡᠳ ᠬᠡᠪ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠢ ᠨᠦᠯᠦᠭᠡᠯᠡᠬᠦ︔      4᠂ ᠬᠤᠪᠢ ᠬᠥᠮᠦᠨ ᠤ ᠮᠡᠳᠡᠭᠡ ᠵᠠᠩᠭᠢ᠂ ᠡᠷᠡᠭᠦᠯ ᠮᠡᠨᠳᠦ ᠶᠢᠨ ᠪᠠᠶᠢᠳᠠᠯ ᠢ ᠮᠡᠳᠡᠭᠦᠯᠬᠦ ᠦᠭᠡᠢ᠂ ᠡᠯᠰᠡᠨ ᠬᠡᠷᠡᠭᠯᠡᠬᠦ ᠨᠥᠬᠦᠴᠡᠯ ᠲᠠᠢ ᠨᠡᠶᠢᠴᠡᠬᠦ ᠦᠭᠡᠢ︔      5᠂ ᠪᠤᠰᠤᠳ ᠬᠥᠮᠦᠨ ᠳᠤ ᠰᠠᠨᠠᠭ᠎ᠠ ᠲᠠᠯᠪᠢᠵᠤ ᠥᠪᠡᠷ ᠤᠨ ᠬᠢᠴᠢᠶᠡᠯ ᠢᠶᠠᠨ ᠣᠷᠣᠯᠠᠭᠤᠯᠤᠭᠰᠠᠨ︔      6᠂ ᠬᠡᠪ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠢ ᠨᠥᠯᠥᠭᠡᠯᠡᠭᠰᠡᠨ ᠪᠤᠰᠤᠳ ᠬᠦᠨᠳᠦ ᠨᠣᠴᠢᠲᠠᠢ ᠪᠠᠶᠢᠳᠠᠯ᠃      ︵ᠲᠦᠷᠪᠡ︶ ᠰᠤᠷᠭᠠᠭᠤᠯᠢ ᠡᠬᠢᠯᠡᠭᠰᠡᠨ ᠤ ᠳᠠᠷᠠᠭ᠎ᠠ ᠰᠤᠷᠤᠭᠴᠢ ᠴᠠᠭ ᠲᠠᠭᠠᠨ ᠬᠢᠴᠢᠶᠡᠯ ᠣᠷᠣᠬᠤ ᠬᠡᠷᠡᠭᠲᠡᠢ᠂ ᠶᠠᠮᠠᠷ ᠨᠢᠭᠡᠨ ᠰᠢᠯᠲᠠᠭᠠᠨ ᠠᠴᠠ ᠪᠣᠯᠵᠤ ᠰᠤᠷᠭᠠᠭᠤᠯᠢ ᠳᠤ ᠢᠷᠡᠵᠦ ᠰᠤᠷᠤᠯᠴᠠᠵᠤ ᠳᠡᠶᠢᠯᠬᠦ ᠦᠭᠡᠢ ᠪᠣᠯ ᠰᠤᠷᠭᠠᠭᠤᠯᠢ ᠡᠬᠢᠯᠡᠵᠦ ᠨᠢᠭᠡ ᠭᠠᠷᠠᠭ ᠤᠨ ᠳᠣᠲᠣᠷ᠎ᠠ ᠰᠤᠷᠤᠯᠭ᠎ᠠ ᠪᠠᠨ ᠵᠣᠭᠰᠣᠬᠤ᠂ ᠰᠦᠢᠳᠬᠡᠯ ᠪᠤᠴᠠᠭᠠᠬᠤ ᠭᠠᠷᠳᠠᠮ ᠭᠦᠢᠴᠡᠳᠬᠡᠬᠦ ᠬᠡᠷᠡᠭᠲᠡᠢ᠃ ᠰᠤᠷᠭᠠᠭᠤᠯᠢ ᠡᠬᠢᠯᠡᠭᠰᠡᠨ ᠤ ᠳᠠᠷᠠᠭ᠎ᠠ ᠨᠢᠭᠡᠨᠲᠡ ᠬᠢᠴᠢᠶᠡᠯ ᠣᠷᠤᠭᠰᠠᠨ ᠲᠠᠷᠠᠭ᠎ᠠ ᠰᠤᠷᠭᠠᠭᠤᠯᠢ ᠠᠴᠠ ᠰᠦᠢᠳᠬᠡᠯ ᠪᠤᠴᠠᠭᠠᠬᠤ ᠦᠭᠡᠢ᠃ ᠰᠤᠷᠤᠭᠴᠢ ᠨᠢ ᠨᠡᠷ᠎ᠡ ᠮᠡᠳᠡᠭᠦᠯᠵᠦ ᠣᠷᠣᠯᠴᠠᠭᠰᠠᠨ ᠬᠢᠴᠢᠶᠡᠯ ᠲᠥᠷᠥᠯ ᠤᠨ ᠰᠤᠷᠤᠯᠭ᠎ᠠ ᠲᠡᠭᠦᠰᠬᠦ ᠠᠴᠠ ᠡᠮᠦᠨ᠎ᠡ᠂ ᠳᠤᠮᠳᠠ ᠨᠢ ᠠᠩᠭᠢ ᠰᠢᠯᠵᠢᠭᠦᠯᠵᠦ ᠪᠣᠯᠬᠤ ᠦᠭᠡᠶ᠃      ︵ᠲᠠᠪᠤ︶ ᠰᠤᠷᠤᠭᠴᠢᠳ ᠬᠢᠴᠢᠶᠡᠯᠯᠡᠬᠦ ᠪᠠᠭᠰᠢ᠂ ᠠᠩᠭᠢ ᠶᠢᠨ ᠡᠷᠬᠢᠯᠡᠭᠴᠢ ᠶᠢᠨ ᠠᠵᠢᠯ ᠳᠤ ᠬᠠᠮᠵᠢᠯᠴᠠᠨ ᠠᠵᠢᠯᠯᠠᠬᠤ ᠬᠡᠷᠡᠭᠲᠡᠶ᠃ ᠬᠢᠴᠢᠶᠡᠯ ᠰᠣᠨᠣᠰᠬᠤ ᠥᠬᠡᠶ ᠪᠣᠯ ᠬᠠᠮᠢᠶ᠎ᠠ ᠥᠬᠡᠶ ᠬᠥᠮᠦᠰ ᠢ ᠬᠢᠴᠢᠶᠡᠯ ᠤᠨ ᠲᠠᠩᠬᠢᠮ ᠳᠤ ᠣᠷᠣᠭᠤᠯᠬᠤ ᠥᠬᠡᠶ᠂ ᠳᠤᠷ᠎ᠠ ᠪᠠᠷ ᠢᠶᠠᠨ ᠪᠠᠭᠰᠢ ᠠᠴᠠ ᠪᠦᠲᠦᠭᠡᠯ ᠡᠷᠢᠵᠦ ᠤᠯᠬᠤ ᠥᠬᠡᠶ᠃      ︵ᠵᠢᠷᠭᠤᠭ᠎ᠠ︶ ᠠᠯᠢᠪᠠ ᠰᠤᠷᠭᠠᠭᠤᠯᠢ ᠶᠢᠨ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠬᠡᠷᠡᠭᠯᠡᠭᠰᠡᠨ ᠤ ᠳᠠᠷᠠᠭ᠎ᠠ ᠡᠷᠬᠡᠪᠰᠢ ᠪᠤᠴᠠᠭᠠᠬᠤ ᠬᠡᠷᠡᠭᠲᠡᠶ᠂ ᠰᠤᠷᠭᠠᠭᠤᠯᠢ ᠶᠢᠨ ᠭᠠᠳᠠᠨ᠎ᠠ ᠠᠪᠴᠤ ᠭᠠᠷᠴᠤ ᠪᠣᠯᠬᠤ ᠦᠭᠡᠶ᠃ ᠰᠤᠷᠤᠭᠴᠢᠳ ᠰᠤᠷᠭᠠᠭᠤᠯᠢ ᠶᠢᠨ ᠠᠯᠪᠠᠨ ᠤ ᠡᠳ᠋ ᠢ ᠡᠪᠳᠡᠭᠰᠡᠨ ᠪᠣᠯ ᠦᠨ᠎ᠡ ᠶᠣᠰᠣᠭᠠᠷ ᠲᠦᠯᠦᠪᠦᠷᠢ ᠦᠭᠭᠦᠨ᠎ᠡ᠃        ︵ᠳᠣᠯᠤᠭ᠎ᠠ︶ ᠰᠤᠷᠤᠭᠴᠢᠳ ᠤᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠴᠡᠪᠡᠷ ᠲᠡᠭᠰᠢ ᠪᠠᠶᠢᠬᠤ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠂ ᠬᠢᠴᠢᠶᠡᠯ ᠤᠨ ᠭᠡᠷ ᠪᠤᠶᠤ ᠠᠰᠠᠷᠷ ᠤᠨ ᠬᠤᠩᠭᠢᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠵᠤ ᠪᠣᠯᠬᠤ ᠦᠭᠡᠢ᠃ ᠠᠩᠭᠢ ᠶᠢᠨ ᠴᠤᠭᠯᠠᠷᠠᠯ ᠳᠤ ᠰᠤᠷᠤᠯᠴᠠᠯᠭ᠎ᠠ ᠯᠤᠭ᠎ᠠ ᠬᠠᠮᠢᠶ᠎ᠠ ᠦᠭᠡᠶ ᠮᠡᠳᠡᠭᠡ ᠵᠠᠩᠭᠢ ᠶᠠᠪᠤᠭᠤᠯᠵᠤ ᠪᠣᠯᠬᠤ ᠦᠭᠡᠶ᠂ ᠵᠣᠬᠢᠰ ᠦᠭᠡᠶ ᠦᠭᠡ ᠶᠠᠷᠢᠶ᠎ᠠ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠪᠠᠭᠰᠢ ᠪᠣᠯᠤᠨ ᠰᠤᠷᠤᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠶ᠂ ᠰᠤᠷᠭᠠᠭᠤᠯᠢ ᠲᠠᠷᠬᠠᠭᠰᠠᠨ ᠤ ᠳᠠᠷᠠᠭ᠎ᠠ ᠰᠤᠷᠭᠠᠭᠤᠯᠢ ᠳᠤ ᠰᠠᠭᠠᠲᠠᠵᠤ ᠪᠣᠯᠬᠤ ᠦᠭᠡᠶ᠃      ︵ᠨᠠᠢᠮᠠ︶ ᠰᠤᠷᠤᠭᠴᠢᠳ ᠰᠤᠷᠭᠠᠭᠤᠯᠢ ᠳᠤ ᠰᠤᠷᠤᠯᠴᠠᠬᠤ᠂ ᠰᠤᠷᠭᠠᠭᠤᠯᠢ ᠲᠠᠷᠬᠠᠬᠤ ᠵᠠᠮ ᠵᠢᠴᠢ ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠠᠬᠢ ᠬᠥᠮᠦᠨ ᠤ ᠪᠡᠶ᠎ᠡ ᠶᠢᠨ ᠠᠮᠤᠷ ᠲᠦᠪᠰᠢᠨ ᠢ ᠠᠩᠬᠠᠷᠴᠤ᠂ ᠲᠤᠰ ᠪᠡᠶ᠎ᠡ ᠶᠢᠨ ᠡᠷᠡᠭᠦᠯ ᠮᠡᠨᠳᠦ ᠪᠣᠯᠤᠨ ᠡᠪᠡᠳᠴᠢᠨ ᠡᠮᠭᠡᠭ ᠲᠤ ᠵᠥᠪ ᠢᠶᠠᠷ ᠬᠠᠨᠳᠤᠵᠤ᠂ ᠰᠤᠷᠭᠠᠭᠤᠯᠢ ᠳᠤ ᠢᠷᠡᠬᠦ ᠳᠡᠭᠡᠨ ᠬᠡᠷᠡᠭᠯᠡᠬᠦ ᠡᠮ᠂ ᠲᠦᠷᠭᠡᠨ ᠠᠪᠤᠷᠠᠬᠤ ᠡᠮ ᠢᠶᠠᠨ ᠪᠡᠶ᠎ᠡ ᠳᠡᠭᠡᠨ ᠠᠪᠴᠤ ᠶᠠᠪᠤᠬᠤ ᠶᠢᠨ ᠬᠠᠮᠲᠤ ᠴᠠᠭ ᠬᠤᠭᠤᠴᠠᠭ᠎ᠠ ᠶᠣᠰᠣᠭᠠᠷ ᠡᠮ ᠤᠤᠭᠤᠬᠤ ᠬᠡᠷᠡᠭᠲᠡᠶ᠃ ᠬᠡᠷᠪᠡ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠭᠡᠨᠡᠳᠲᠡ ᠶᠢᠨ ᠡᠪᠡᠳᠴᠢᠨ ᠡᠭᠦᠰᠪᠡᠯ᠂ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠂ ᠡᠳᠡᠭᠡᠷᠡᠭᠰᠡᠨ ᠤ ᠳᠠᠷᠠᠭ᠎ᠠ ᠰᠠᠶ᠋ᠢ ᠦᠷᠭᠦᠯᠵᠢᠯᠡᠨ ᠬᠢᠴᠢᠶᠡᠯ ᠣᠷᠣᠵᠤ ᠪᠣᠯᠤᠨ᠎ᠠ᠃      ︵ᠶᠢᠰᠦ︶ ᠬᠡᠷᠪᠡ ᠭᠡᠨᠡᠳᠲᠡ ᠶᠢᠨ ᠪᠠᠴᠢᠮ ᠪᠠᠶᠢᠳᠠᠯ ︵ᠭᠠᠵᠠᠷ ᠬᠥᠳᠡᠯᠦᠯᠲᠡ᠂ ᠭᠠᠯ ᠤᠨ ᠠᠶᠤᠯ᠂ ᠡᠪᠡᠳᠴᠢᠨ ᠡᠮᠭᠡᠭ ᠵᠡᠷᠭᠡ︶ ᠲᠣᠬᠢᠶᠠᠯᠳᠤᠪᠠᠯ᠂ ᠰᠤᠷᠤᠭᠴᠢᠳ ᠤᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠵᠤ᠂ ᠰᠤᠷᠭᠠᠭᠤᠯᠢ ᠶᠢᠨ ᠬᠤᠯᠪᠣᠭᠳᠠᠯ ᠪᠦᠬᠦᠢ ᠬᠥᠮᠥᠰ ᠤᠨ ᠵᠢᠯᠣᠭᠤᠳᠤᠯᠭ᠎ᠠ ᠶᠢ ᠳᠠᠭᠠᠵᠤ᠂ ᠴᠠᠭ ᠲᠤᠬᠠᠢ ᠳᠤᠨᠢ ᠰᠢᠢᠳᠪᠦᠷᠢᠯᠡᠵᠦ᠂ ᠡᠮᠬᠢ ᠵᠢᠷᠤᠮ ᠲᠠᠢ ᠪᠠᠷ ᠲᠠᠷᠬᠠᠭᠠᠵᠤ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠮᠢ ᠵᠢᠭᠤᠲᠠᠬᠤ ᠬᠡᠷᠡᠭᠲᠡᠢ᠃      ︵ᠠᠷᠪᠠ︶ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠬᠤᠪᠢ ᠬᠥᠮᠦᠨ ᠤ ᠦᠢᠯᠡ ᠠᠵᠢᠯᠯᠠᠭ᠎ᠠ ᠠᠴᠠ ᠪᠣᠯᠵᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠨ᠂ ᠬᠤᠯᠪᠣᠭᠳᠠᠯ ᠪᠦᠬᠦᠢ ᠡᠷᠡᠭᠦᠦ ᠶᠢᠨ ᠬᠡᠷᠡᠭ ᠪᠣᠯᠤᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠨ᠎ᠡ᠃ ᠬᠡᠷᠪᠡ ᠰᠤᠷᠭᠠᠭᠤᠯᠢ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠤᠶᠤ ᠰᠤᠷᠭᠠᠭᠤᠯᠢ ᠶᠢᠨ ᠨᠡᠷ᠎ᠡ ᠬᠦᠨᠳᠦ ᠶᠢ ᠡᠪᠳᠡᠵᠦ ᠰᠦᠢᠳᠬᠡᠭᠰᠡᠨ ᠪᠠᠶᠢᠪᠠᠯ᠂ ᠰᠤᠷᠭᠠᠭᠤᠯᠢ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ          2024 ᠣᠨ ᠤ 8 ᠳ᠋ᠤᠭᠠᠷ ᠰᠠᠷ᠎ᠠ ᠶᠢᠨ 26 ᠤ ᠡᠳᠦᠷᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1