ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠰᠢᠨ᠎ᠡ ᠶᠢᠩᠽᠢ ᠪᠠᠯᠭᠠᠰᠤᠨ ᠤ ᠨᠠᠢᠮᠠᠨ ᠠᠶᠢᠯ ᠲᠣᠰᠬᠤᠨ ᠳᠤ ᠬᠦᠷᠴᠦ ᠬᠡᠷᠡᠭᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/8/28
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠨ ᠪᠠᠶᠠᠵᠢᠬᠤ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠬᠦ ᠳᠤᠮᠳᠠ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠲᠥᠷᠥᠯ ᠵᠦᠢᠯ ᠤᠨ ᠡᠳ᠋ ᠬᠥᠷᠥᠩᠭᠡ ᠶᠢᠨ ᠲᠣᠭᠲᠠᠭᠤᠨ ᠰᠠᠶᠢᠨ ᠡᠷᠭᠢᠯᠲᠡ᠂ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠪᠠᠲᠤᠯᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 26 ᠤ ᠡᠳᠦᠷ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠥᠪᠥᠷ ᠮᠣᠩᠭᠤᠯ ᠤᠨ ᠱᠧᠩ ᠾᠧ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠰᠢᠨ᠎ᠡ ᠶᠢᠩᠽᠢ ᠪᠠᠯᠭᠠᠰᠤᠨ ᠤ ᠨᠠᠢᠮᠠᠨ ᠠᠶᠢᠯ ᠲᠣᠰᠬᠤᠨ ᠳᠤ ᠬᠦᠷᠴᠦ ᠰᠢᠬᠢᠷᠯᠢᠭ ᠰᠢᠯᠦᠬᠡᠢ ᠡᠷᠳᠡᠨᠢ ᠰᠢᠰᠢ ᠳᠠᠷᠢᠬᠤ ᠤᠷ᠎ᠠ ᠴᠢᠳᠠᠪᠤᠷᠢ ᠶᠢᠨ ᠪᠤᠯᠪᠠᠰᠤᠷᠠᠯ ᠡᠷᠭᠢᠯᠡᠪᠡ᠃ ᠡᠷᠭᠢᠨ ᠲᠣᠭᠤᠷᠢᠨ ᠤ 40 ᠭᠠᠷᠤᠶ ᠲᠠᠷᠢᠶᠠᠴᠢᠨ ᠡᠷᠦᠬᠡ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠳᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠢ ᠲᠤᠰᠬᠠᠶᠢᠯᠠᠨ ᠤᠷᠢᠵᠤ ᠣᠯᠠᠨ ᠳᠤ ᠬᠢᠴᠢᠶᠡᠯ ᠣᠷᠣᠭᠤᠯᠵᠤ᠂ ᠭᠤᠤᠯᠳᠠᠭᠤ ᠰᠢᠬᠢᠷᠯᠢᠭ ᠰᠢᠯᠦᠬᠡᠢ ᠰᠣᠷᠭᠤᠭ ᠡᠷᠳᠡᠨᠢ ᠰᠢᠰᠢ ᠶᠢᠨ ᠰᠢᠮ᠎ᠡ ᠲᠡᠵᠢᠭᠡᠯ ᠤᠨ ᠦᠨ᠎ᠡ ᠥᠷᠲᠡᠭ᠂ ᠳᠠᠷᠢᠵᠤ ᠪᠤᠶᠢᠵᠢᠭᠤᠯᠬᠤ ᠮᠡᠷᠭᠡᠵᠢᠯ᠂ ᠭᠠᠵᠠᠷ ᠲᠡᠭᠰᠢᠯᠡᠵᠦ ᠪᠣᠷᠲᠣᠭᠤᠷ ᠣᠷᠣᠭᠤᠯᠬᠤ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠲᠠᠯ᠎ᠠ ᠪᠠᠷ ᠨᠠᠷᠢᠨ ᠨᠢᠮᠪᠠᠶ ᠲᠠᠶᠢᠯᠤᠮᠵᠢ ᠬᠢᠭᠰᠡᠨ ᠤ ᠬᠠᠮᠲᠤ ᠲᠠᠷᠢᠶᠠᠨ ᠭᠠᠵᠠᠷ ᠲᠤ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠵᠢᠯᠣᠭᠤᠳᠣᠯᠭ᠎ᠠ ᠬᠢᠪᠠ᠃      ᠪᠣᠯᠪᠠᠰᠤᠷᠠᠯ ᠢᠶᠠᠷ ᠳᠡᠮᠵᠢᠨ᠂ ᠲᠠᠷᠢᠶᠠᠴᠢᠨ ᠡᠷᠦᠬᠡ ᠳᠤ ᠰᠢᠬᠢᠷᠯᠢᠭ ᠰᠢᠯᠦᠬᠡᠢ ᠰᠣᠷᠭᠤᠭ ᠡᠷᠳᠡᠨᠢ ᠰᠢᠰᠢ ᠳᠠᠷᠢᠬᠤ ᠮᠡᠷᠭᠡᠵᠢᠯ ᠢ ᠪᠣᠯᠪᠠᠰᠤᠷᠠᠩᠭᠤᠶ ᠡᠵᠡᠮᠰᠢᠭᠦᠯᠵᠦ᠂ ᠡᠷᠳᠡᠨᠢ ᠰᠢᠰᠢ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠦᠷ᠎ᠡ ᠪᠦᠲᠦᠮᠵᠢ ᠳᠤ ᠬᠦᠷᠭᠡᠪᠡ᠃ ᠳᠠᠷᠠᠭᠠᠴᠢ ᠶᠢᠨ ᠠᠯᠬᠤᠮ ᠳᠤ᠂ ᠰᠠᠭᠤᠷᠢᠨ ᠭᠠᠵᠠᠷ ᠨᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠡᠮᠡᠭᠲᠡᠶᠢᠴᠦᠳ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ︽ᠴᠢᠳᠠᠪᠤᠷᠢᠲᠠᠨ ᠤ ᠦᠢᠯᠡᠳᠦᠯ︾ ᠢ ᠭᠦᠢᠴᠡᠳ ᠠᠰᠢᠭᠯᠠᠵᠤ᠂ ᠬᠥᠳᠡᠭᠡ ᠲᠣᠰᠬᠤᠨ ᠤ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠬᠥᠲᠥᠯᠥᠨ ᠳᠠᠭᠠᠭᠤᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1