ᠲᠣᠭᠲᠠᠬᠤ ᠰᠢᠶᠠᠨ᠄ ︽ᠭᠤᠷᠪᠠᠨ ᠲᠠᠯ᠎ᠠ︾ ᠪᠠᠷ ᠬᠦᠴᠦᠯᠡᠵᠦ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ
ᠨᠡᠶᠢᠲᠡᠯᠡᠭᠰᠡᠨ ᠴᠠᠭ᠄
2024/8/28
      ᠬᠥᠬᠡᠬᠤᠲᠠ ᠶᠢᠨ ᠲᠣᠭᠲᠠᠬᠤ ᠰᠢᠶᠠᠨ ᠬᠥᠮᠦᠨ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ᠂ ᠤᠨᠤᠯ ᠤᠨ ᠰᠤᠷᠤᠯᠴᠠᠯᠭ᠎ᠠ ᠬᠥᠮᠦᠵᠢᠯ ᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃      ᠬᠥᠮᠦᠨ ᠬᠡᠷᠡᠭᠯᠡᠬᠦ ︽ᠦᠨᠳᠦᠰᠦᠨ ᠠᠰᠠᠭᠤᠳᠠᠯ︾ ᠳᠤ ᠠᠩᠬᠠᠷᠤᠯ ᠢᠶᠠᠨ  ᠬᠠᠨᠳᠤᠭᠤᠯᠪᠠ᠃ ᠲᠣᠭᠲᠠᠬᠤ ᠰᠢᠶᠠᠨ ᠤ ᠡᠯ᠎ᠡ ᠪᠠᠯᠭᠠᠰᠤ᠂ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠲᠣᠬᠢᠷᠠᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠵᠢᠴᠢ ᠣᠳᠣᠬᠠᠨ ᠤ ᠪᠦᠬᠦ ᠰᠢᠶᠠᠨ ᠤ ᠵᠠᠯᠠᠭᠤ ᠺᠠᠳ᠋ᠷᠴᠤᠳ ᠢ ᠨᠥᠭᠡᠴᠡᠯᠡᠭᠰᠡᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠰᠢᠯᠢᠳᠡᠭ ᠵᠠᠯᠠᠭᠤ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠢᠮᠠᠭᠲᠠ ᠢᠯᠡᠷᠡᠯ ᠢᠶᠠᠷ ᠨᠡᠯᠢᠶᠡᠳ ᠰᠠᠶᠢᠨ ᠰᠢᠯᠢᠳᠡᠭ ᠺᠠᠳ᠋ᠷ ᠢ ᠰᠢᠯᠢᠨ ᠰᠣᠩᠭᠤᠬᠤ ᠬᠠᠷᠠᠭᠠᠨ ᠳᠤ ᠣᠷᠣᠭᠤᠯᠵᠤ᠂ ᠤᠯᠤᠰ ᠲᠥᠷᠥ ᠶᠢᠨ ᠬᠡᠪ ᠴᠢᠨᠠᠷ ᠢᠶᠠᠷ ᠠᠨᠠᠶ᠂ ᠠᠵᠢᠯ ᠤᠨ ᠦᠢᠯᠡᠳᠦᠯᠭᠡ ᠶᠢᠨ ᠳᠤᠮᠳᠠ ᠰᠢᠯᠭᠠᠯᠲᠠ ᠪᠠᠷ ᠬᠢᠷᠢ ᠲᠡᠩᠴᠡᠭᠰᠡᠨ ᠦᠭᠡᠢ ᠺᠠᠳ᠋ᠷ ᠢ ᠴᠠᠭ ᠲᠤᠬᠠᠶ ᠳᠤᠨᠢ ᠲᠣᠬᠢᠷᠠᠭᠤᠯᠤᠯᠲᠠ ᠬᠢᠪᠡ᠃ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠵᠦ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠲᠤᠭ᠎ᠠ ᠬᠡᠮᠵᠢᠶ᠎ᠡ ᠶᠢ ᠴᠣᠮᠬᠠᠳᠬᠠᠨ᠂ ᠬᠢᠨᠠᠨ ᠰᠢᠯᠭᠠᠬᠤ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠤᠳᠤᠷᠢᠳᠬᠤ ᠪᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠭᠰᠠᠨ ᠪᠠ ᠦᠢᠯᠡᠳᠦᠯᠭᠡᠵᠢᠭᠦᠯᠦᠭᠰᠡᠨ ᠪᠠᠶᠢᠳᠠᠯ ᠢ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠤᠳᠤᠷᠢᠳᠬᠤ ᠪᠠᠭ ᠤᠨ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ᠂ ᠠᠮᠵᠢᠯᠲᠠ ᠪᠦᠲᠦᠮᠵᠢ ᠶᠢ ᠦᠨᠡᠯᠡᠨ ᠲᠣᠭᠲᠠᠭᠠᠬᠤ ᠪᠠ ᠺᠠᠳ᠋ᠷ ᠢ ᠳᠡᠪᠰᠢᠭᠦᠯᠦᠨ ᠬᠡᠷᠡᠭᠯᠡᠬᠦ᠂ ᠲᠤᠰᠢᠶᠠᠯ ᠤᠨ ᠳᠡᠰ ᠢ ᠳᠡᠪᠰᠢᠭᠦᠯᠬᠦ ᠲᠠᠢ ᠴᠢᠩᠭ᠎ᠠ ᠬᠤᠯᠪᠣᠭᠳᠠᠭᠤᠯᠤᠨ᠎ᠠ᠃ ᠲᠤᠰᠢᠶᠠᠯ ᠤᠨ ᠲᠠᠰ ᠤᠨ ᠺᠠᠳ᠋ᠷ ᠤᠨ ᠡᠬᠡ ᠲᠠᠩᠰᠠ ᠳᠤ ᠲᠦᠰᠢᠭᠯᠡᠨ᠂ ᠠᠵᠢᠯ ᠤᠨ ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠨᠥᠬᠦᠴᠡᠯ ᠳᠤ ᠨᠡᠶᠢᠴᠡᠭᠰᠡᠨ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠴᠢᠩᠭ᠎ᠠ ᠲᠤᠰᠢᠶᠠᠯ ᠤᠨ ᠲᠠᠰ ᠤᠨ ᠺᠠᠳ᠋ᠷ ᠢ ᠰᠣᠩᠭᠤᠨ ᠭᠤᠤᠯᠳᠠᠯᠭ᠎ᠠ ᠲᠠᠢ ᠰᠠᠯᠠᠭ᠎ᠠ ᠮᠥᠴᠢᠷ ᠲᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠲᠤᠰᠢᠶᠠᠯ ᠤᠨ ᠲᠠᠰ ᠤᠨ ᠺᠠᠳ᠋ᠷ ᠤᠨ ᠦᠢᠯᠡᠳᠦᠯ ᠢᠶᠠᠨ ᠪᠠᠳᠠᠷᠠᠭᠤᠯᠤᠭᠰᠠᠨ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠤᠰᠢᠶᠠᠯ ᠤᠨ ᠲᠠᠰ ᠤᠨ ᠺᠠᠳ᠋ᠷ ᠤᠨ ᠠᠵᠢᠯ ᠤᠨ ᠢᠳᠡᠪᠬᠢᠵᠢᠯ ᠢ ᠳᠠᠶᠢᠴᠢᠯᠠᠨ᠂ ᠲᠡᠭᠦᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃      ᠬᠥᠮᠦᠨ ᠢ ᠬᠥᠮᠦᠵᠢᠭᠦᠯᠬᠦ ᠶᠢ ︽ᠵᠣᠭᠰᠣᠴᠠ︾ ᠲᠠᠢ ᠨᠢᠭᠲᠠ ᠤᠶᠠᠯᠳᠤᠭᠤᠯᠤᠨ᠎ᠠ᠃ ᠲᠣᠭᠲᠠᠬᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠣᠯᠭᠠᠵᠤ᠂ ︽2024 ᠣᠨ ᠤ ᠲᠣᠭᠲᠠᠬᠤ ᠰᠢᠶᠠᠨ ᠤ ᠨᠠᠮ ᠤᠨ ᠭᠡᠰᠢᠭᠦᠨ᠂ ᠺᠠᠳ᠋ᠷ ᠤᠨ ᠰᠤᠷᠭᠠᠨ ᠬᠥᠮᠦᠵᠢᠯ ᠤᠨ ᠦᠨᠳᠦᠰᠦᠨ ᠪᠣᠯᠪᠠᠰᠤᠷᠠᠯ ᠤᠨ ᠲᠥᠯᠥᠪᠯᠡᠭᠡ︾ ᠶᠢ ᠴᠢᠨᠠᠷ ᠰᠠᠶᠢᠲᠠᠢ ᠲᠣᠭᠲᠠᠭᠠᠵᠤ᠂ ᠭᠤᠣᠯ ᠬᠢᠴᠢᠶᠡᠯ᠂ ᠵᠠᠪᠠᠯ ᠰᠤᠷᠬᠤ ᠬᠢᠴᠢᠶᠡᠯ ᠢ ᠲᠤᠪᠤᠶᠢᠯᠭᠠᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠬᠦ ᠤᠨᠤᠯ ᠤᠨ ᠬᠥᠮᠦᠵᠢᠯ ᠪᠣᠯᠪᠠᠰᠤᠷᠠᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠪᠡ᠃ ᠶᠠᠷᠢᠯᠴᠠᠨ ᠰᠣᠯᠢᠯᠴᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠤᠯᠪᠠᠰᠤᠷᠠᠯ ᠤᠨ ᠪᠠᠶᠢᠳᠠᠯ ᠢ ᠡᠵᠡᠮᠰᠢᠵᠦ᠂ ᠬᠢᠴᠢᠶᠡᠯ ᠤᠨ ᠪᠠᠶᠢᠷᠢᠯᠠᠭᠤᠯᠤᠯᠲᠠ ᠪᠠ ᠵᠢᠭᠠᠨ ᠰᠤᠷᠭᠠᠬᠤ ᠠᠷᠭ᠎ᠠ ᠮᠠᠶ᠋ᠢᠭ ᠢ ᠴᠠᠭ ᠲᠤᠬᠠᠶ ᠳᠤᠨᠢ ᠲᠣᠬᠢᠷᠠᠭᠤᠯᠤᠨ ᠲᠡᠭᠦᠯᠳᠡᠷᠵᠢᠭᠦᠯᠪᠡ ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠬᠥᠮᠦᠵᠢᠯ  ᠪᠤᠯᠪᠠᠰᠤᠷᠠᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ  ᠲᠡᠭᠡᠭᠰᠢᠯᠡᠭᠦᠯᠪᠡ᠃ ᠥᠪᠥᠷ ᠮᠣᠩᠭᠤᠯ ᠤᠨ ᠺᠠᠳ᠋ᠷ ᠤᠨ ᠰᠦᠯᠵᠢᠶᠡᠨ ᠤ ᠳᠡᠭᠡᠳᠦ ᠰᠤᠷᠭᠠᠭᠤᠯᠢ᠂ ︽ᠤᠮᠠᠷᠠᠲᠤ ᠬᠢᠯᠢ ᠶᠢᠨ ᠡᠭᠦᠯᠡᠨ ᠶᠠᠷᠢᠶᠠᠨ ᠤ ᠲᠠᠩᠬᠢᠮ︾᠂ ᠲᠣᠭᠠᠴᠢᠯᠠᠭᠰᠠᠨ ᠣᠶᠤᠨᠴᠢ ᠺᠠᠳ᠋ᠷ ᠤᠨ ᠰᠤᠷᠭᠠᠨ ᠬᠥᠮᠦᠵᠢᠯ ᠤᠨ ᠲᠠᠪᠴᠠᠩ ᠵᠡᠷᠭᠡ ᠶᠢ ᠠᠰᠢᠭᠯᠠᠨ ᠰᠦᠯᠵᠢᠶᠡᠨ ᠲᠡᠭᠡᠷ᠎ᠡ ᠪᠤᠯᠪᠠᠰᠤᠷᠠᠯ ᠡᠷᠬᠢᠯᠡᠵᠦ᠂ ᠲᠠᠰ ᠳᠠᠪᠬᠤᠷᠭ᠎ᠠ ᠪᠠ ᠬᠦᠷᠢᠶ᠎ᠡ ᠬᠡᠪᠴᠢᠶ᠎ᠡ ᠬᠤᠪᠢᠶᠠᠨ ᠲᠤᠰᠬᠠᠶ ᠰᠡᠳᠦᠪ ᠬᠤᠪᠢᠶᠠᠨ ᠶᠡᠭᠡ ᠬᠡᠪᠴᠢᠶ᠎ᠡ᠂ ᠰᠢᠰᠲ᠋ᠧᠮᠵᠢᠭᠰᠡᠨ᠂ ᠪᠦᠬᠦᠨ ᠢ ᠬᠠᠮᠤᠷᠬᠤ ᠬᠥᠮᠦᠵᠢᠯ ᠪᠤᠯᠪᠠᠰᠤᠷᠠᠯ ᠢ ᠥᠷᠨᠢᠭᠦᠯᠵᠦ᠂ ᠪᠥᠬᠦ ᠰᠢᠶᠠᠨ ᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠬᠤᠶᠠᠷ ᠢ  ᠲᠤᠭᠳᠠᠭᠠᠭᠰᠠᠨ︾ ᠢ ᠡᠷᠡᠰ ᠬᠠᠮᠠᠭᠠᠯᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠪᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ︽ᠬᠡᠰᠡᠭ ᠪᠤᠰᠠᠭ ᠰᠤᠷᠤᠯᠴᠠᠯᠭ᠎ᠠ ᠶᠢ ᠰᠢᠰᠲ᠋ᠧᠮ ᠲᠠᠢ ᠰᠤᠷᠤᠯᠴᠠᠭᠤᠯᠬᠤ︾᠂ ︽ᠰᠠᠨᠠᠭᠠᠴᠢᠯᠠᠭᠠᠲᠤ ᠪᠤᠰᠤ ᠪᠠᠷ ᠰᠤᠷᠤᠯᠴᠠᠯᠭ᠎ᠠ ᠶᠢ  ᠰᠠᠨᠠᠭᠠᠴᠢᠯᠠᠭ᠎ᠠ ᠲᠠᠢ ᠰᠤᠷᠤᠯᠴᠠᠬᠤ ᠬᠡᠷᠡᠭᠲᠡᠶ︾ ᠭᠡᠵᠦ ᠱᠠᠭᠠᠷᠳᠠᠪᠠ᠃ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠡᠶᠡᠯᠡᠭᠦᠯᠵᠦ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠦᠵᠡᠯ ᠰᠠᠨᠠᠭᠠᠨ ᠤ ᠵᠠᠯᠠᠭᠤᠷ ᠢ ᠡᠵᠡᠮᠳᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠭᠰᠠᠨ ᠠᠴᠠ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠬᠤ ᠬᠡᠷᠡᠭᠲᠡᠢ᠃ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠺᠠᠳ᠋ᠷ︾ ᠢ ᠰᠢᠯᠭᠠᠷᠠᠭᠤᠯᠤᠨ ᠰᠣᠩᠭᠤᠬᠤ ᠠᠵᠢᠯ ᠢ ᠦᠷᠭᠦᠯᠵᠢᠯᠡᠨ ᠥᠷᠨᠢᠭᠦᠯᠵᠦ᠂ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠴᠤᠭ ᠰᠦᠯᠳᠡ ᠶᠢ ᠤᠯᠠᠮ ᠨᠢᠭᠡ ᠠᠯᠬᠤᠮ ᠬᠥᠭᠵᠢᠭᠡᠪᠡ᠃ ᠤᠳᠤᠷᠢᠳᠬᠤ ᠺᠠᠳ᠋ᠷᠴᠤᠳ ᠤᠨ ᠳᠡᠪᠰᠢᠵᠦ ᠪᠠᠭᠤᠵᠤ ᠪᠣᠯᠬᠤ ᠲᠣᠭᠲᠠᠭᠠᠯ ᠪᠠ ᠬᠡᠷᠡᠭᠵᠢᠭᠦᠯᠬᠦ ᠨᠠᠷᠢᠨ ᠳᠦᠷᠢᠮ ᠲᠠᠢ ᠬᠠᠷᠢᠴᠠᠭᠤᠯᠤᠨ᠂ ᠣᠳᠣ ᠶᠢᠨ ᠲᠤᠰᠢᠶᠠᠯ ᠡᠭᠦᠷᠭᠡᠯᠡᠬᠦ ᠳᠤ ᠲᠣᠬᠢᠷᠠᠬᠤ ᠦᠭᠡᠢ ᠺᠠᠳ᠋ᠷᠴᠤᠳ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ︽ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠨ ᠢᠶᠠᠨ ᠬᠥᠮᠥᠵᠢᠭᠦᠯᠵᠦ︾᠂ ︽ᠮᠠᠭᠤ ᠶᠢ ᠨᠢ ᠰᠢᠭᠰᠢᠭᠳᠡᠭᠦᠯᠬᠦ︾ ᠴᠢᠩᠭ᠎ᠠ ᠳᠣᠬᠢᠶ᠎ᠠ ᠶᠢ ᠦᠷᠭᠦᠯᠵᠢᠯᠡᠨ ᠴᠢᠩᠭᠠᠳᠬᠠᠪᠠ᠃ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠭᠦᠢᠴᠡᠳ ᠪᠠᠳᠠᠷᠠᠭᠤᠯᠵᠤ᠂ ᠤᠯᠠᠨ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠮ ᠢ ᠴᠢᠩᠭ᠎ᠠ ᠵᠠᠰᠠᠬᠤ ᠪᠦᠬᠦᠯᠢ ᠴᠣᠭᠴᠠ ᠶᠢᠨ ᠬᠠᠷᠢᠭᠤᠴᠠᠯᠭ᠎ᠠ ᠶᠢ ᠡᠯ᠎ᠡ ᠱᠠᠲᠤᠨ ᠤ ᠰᠠᠯᠠᠭ᠎ᠠ ᠮᠥᠴᠢᠷ ᠤᠨ ᠪᠣᠳᠠᠲᠠᠢ ᠬᠠᠷᠢᠭᠤᠴᠠᠯᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠪᠤᠰᠤᠳ ᠰᠠᠯᠠᠭ᠎ᠠ ᠮᠥᠴᠢᠷ ᠣᠷᠣᠯᠴᠠᠭᠰᠠᠨ ᠺᠠᠳ᠋ᠷᠴᠤᠳ ᠤᠨ ᠬᠢᠨᠠᠯᠲᠠ ᠲᠠᠯᠪᠢᠬᠤ ᠠᠵᠢᠯ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠶᠢᠨ ᠰᠣᠯᠢᠯᠴᠠᠭ᠎ᠠ ᠰᠢᠯᠤᠭᠤᠨ ᠪᠤᠰᠤ᠂ ᠬᠢᠨᠠᠯᠲᠠ ᠲᠠᠯᠪᠢᠭᠰᠠᠨ ᠦᠷ᠎ᠡ ᠪᠦᠲᠦᠭᠡᠯ ᠲᠠᠷᠠᠬᠠᠶ ᠪᠤᠲᠠᠷᠬᠠᠶ᠂ ᠬᠦᠴᠦᠨ ᠢ ᠡᠮᠬᠢᠯᠡᠨ ᠨᠡᠶᠢᠯᠡᠭᠦᠯᠦᠭᠰᠡᠨ ᠨᠢ ᠬᠦᠷᠦᠯᠴᠡᠬᠦ ᠥᠬᠡᠶ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠪᠲᠡᠷᠡᠯᠴᠡᠵᠦ ᠠᠭᠤᠰᠤᠯᠴᠠᠭᠤᠯᠤᠭᠰᠠᠨ᠂ ᠥᠨᠳᠥᠷ ᠪᠦᠲᠦᠮᠵᠢᠲᠡᠶ ᠪᠠᠷ ᠬᠤᠯᠪᠣᠭᠠᠯᠠᠨ ᠬᠥᠳᠡᠯᠦᠯᠴᠡᠭᠰᠡᠨ ᠶᠡᠭᠡ ᠬᠢᠨᠠᠯᠲᠠ ᠲᠠᠯᠪᠢᠬᠤ ᠰᠢᠰᠲ᠋ᠧᠮᠵᠢ ᠶᠢ ᠪᠣᠶ ᠪᠣᠯᠭᠠᠬᠤ ᠶᠢ  ᠠᠬᠢᠭᠤᠯᠪᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1