ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬᠢᠶᠠᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/28
      ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠣᠯᠠᠨ ᠤ ︽ᠨᠢᠳᠦᠨ ᠳᠤ ᠦᠵᠡᠭᠳᠡᠬᠦ ᠥᠬᠡᠶ︾ ᠬᠤᠭᠤᠯᠠᠨ ᠰᠢᠷᠡᠭᠡ ᠶᠢ ᠰᠠᠬᠢᠨ ᠬᠠᠮᠠᠭᠠᠯᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬᠢᠶᠠᠯᠠᠭ᠎ᠠ ᠶᠢᠨ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠳᠤ ᠴᠢᠭᠯᠡᠭᠦᠯᠦᠨ᠂ ᠵᠠᠬᠢᠶᠠᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠢᠳᠡᠪᠬᠢᠲᠡᠶ ᠥᠷᠨᠢᠭᠦᠯᠪᠡ᠃
     ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠳᠣᠲᠣᠷ᠎ᠠ ᠬᠤᠳᠠᠯᠳᠤᠭᠠᠨ ᠤ ᠳᠡᠯᠭᠡᠭᠦᠷ ᠲᠤ ᠪᠠᠶᠢᠴᠠᠭᠠᠯᠲᠠ ᠬᠢᠵᠦ᠂ ᠭᠤᠣᠯᠳᠠᠭᠤ ᠳᠡᠯᠭᠡᠭᠦᠷ ᠤᠨ ᠳᠣᠲᠣᠷᠠᠬᠢ ᠡᠷᠡᠭᠦᠯ ᠬᠠᠮᠠᠭᠠᠯᠠᠯ ᠤᠨ ᠪᠠᠶᠢᠳᠠᠯ᠂ ᠢᠳᠡᠭᠡᠨ ᠵᠢᠴᠢ ᠲᠦᠭᠦᠬᠡᠶ ᠮᠠᠲ᠋ᠧᠷᠢᠶᠠᠯ ᠤᠨ ᠬᠤᠭᠤᠴᠠᠭ᠎ᠠ ᠨᠢ ᠥᠩᠭᠡᠷᠡᠭᠰᠡᠨ ᠴᠢᠨᠠᠷ ᠬᠤᠪᠢᠷᠠᠭᠰᠠᠨ ᠡᠰᠡᠬᠦ᠂ ᠢᠳᠡᠭᠡᠨ ᠤ ᠲᠦᠭᠦᠬᠡᠶ ᠮᠠᠲ᠋ᠧᠷᠢᠶᠠᠯ ᠬᠠᠳᠠᠭᠠᠯᠠᠭᠰᠠᠨ ᠨᠢ ᠵᠢᠷᠤᠮᠵᠢᠭᠰᠠᠨ ᠡᠰᠡᠬᠦ᠂ ᠠᠵᠢᠯᠯᠠᠵᠤ ᠪᠠᠶᠢᠭ᠎ᠠ ᠬᠥᠮᠦᠰ ᠪᠦᠲᠦᠮᠵᠢᠲᠡᠶ ᠡᠷᠡᠭᠦᠯ ᠮᠡᠨᠳᠦ ᠶᠢᠨ ᠭᠡᠷᠡᠴᠢ ᠲᠠᠢ ᠡᠰᠡᠬᠦ᠂ ᠬᠤᠪᠴᠠᠰᠤ ᠡᠮᠦᠰᠴᠦ ᠵᠡᠭᠦᠬᠦ ᠨᠢ ᠵᠢᠷᠤᠮᠵᠢᠭᠰᠠᠨ ᠡᠰᠡᠬᠦ ᠪᠠᠶᠢᠳᠠᠯ ᠢ ᠪᠠᠶᠢᠴᠠᠭᠠᠭᠰᠠᠨ ᠵᠢᠴᠢ ᠢᠳᠡᠭᠡᠨ ᠤ ᠲᠦᠭᠦᠬᠡᠶ ᠮᠠᠲ᠋ᠧᠷᠢᠶᠠᠯ ᠤᠨ ᠠᠮᠤᠷ ᠲᠦᠪᠰᠢᠨ ᠤ ᠢᠳᠡᠭᠡᠨ ᠤ ᠨᠡᠮᠡᠯᠲᠡ ᠡᠳ᠋᠂ ᠢᠳᠡᠭᠡᠨ ᠤ ᠬᠠᠮᠢᠶ᠎ᠠ ᠪᠦᠬᠦᠢ ᠦᠢᠯᠡᠳᠬᠦᠨ ᠤ ᠪᠠᠷᠠᠭ᠎ᠠ ᠣᠷᠣᠭᠤᠯᠤᠭᠰᠠᠨ ᠭᠡᠷᠡᠴᠢ ᠪᠠᠷᠢᠮᠲᠠ ᠵᠢᠴᠢ ᠭᠡᠷᠡᠴᠢ ᠪᠠᠷᠢᠮᠲᠠ ᠠᠪᠬᠤ᠂ ᠡᠬᠡ ᠳᠠᠩᠰᠠ ᠶᠢᠨ ᠲᠡᠮᠳᠡᠭᠯᠡᠯ ᠪᠠ ᠬᠠᠳᠠᠭᠠᠯᠠᠭᠰᠠᠨ ᠪᠠᠶᠢᠳᠠᠯ ᠢ ᠪᠠᠶᠢᠴᠠᠭᠠᠨ ᠰᠢᠯᠭᠠᠪᠠ᠃ ᠡᠭᠦᠨ ᠤ ᠬᠠᠮᠲᠤ᠂ ᠵᠠᠬᠢᠶᠠᠯᠠᠭ᠎ᠠ ᠶᠢᠨ ᠨᠢᠭᠡᠴᠡ ᠶᠢᠨ ᠡᠵᠡᠩᠨᠡᠭᠴᠢ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠢᠵᠦ᠂ ᠡᠵᠡᠩᠨᠡᠭᠴᠢ ᠳᠤ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠡᠵᠡᠩᠨᠡᠬᠦ ᠶᠢ  ᠰᠠᠨᠠᠭᠤᠯᠪᠠ᠃
     ᠣᠳᠣᠬᠠᠨ ᠪᠣᠯᠲᠠᠯ᠎ᠠ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ 72 ᠬᠥᠮᠦᠨ ᠤᠳᠠᠭ᠎ᠠ ᠬᠥᠳᠡᠯᠭᠡᠵᠦ᠂ ᠨᠡᠶᠢᠲᠡ 85 ᠵᠠᠬᠢᠶᠠᠯᠠᠭ᠎ᠠ ᠶᠢᠨ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠶᠢ ᠪᠠᠶᠢᠴᠠᠭᠠᠵᠤ᠂ 15 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 1 ᠬᠡᠷᠡᠭ ᠢ ᠬᠡᠷᠡᠭ ᠪᠣᠯᠭᠠᠨ ᠳᠡᠩᠰᠡᠯᠡᠪᠡ᠃ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠠᠰᠠᠭᠤᠳᠠᠯ ᠣᠷᠣᠰᠢᠵᠤ ᠪᠠᠶᠢᠭ᠎ᠠ ᠨᠢᠭᠡᠴᠡ ᠳᠤ ︽ᠡᠷᠭᠢᠨ ᠬᠠᠷᠠᠬᠤ︾ ᠠᠵᠢᠯ ᠬᠢᠵᠦ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠪᠡ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ ᠤᠨ  ᠥᠪᠡᠷ ᠢ ᠪᠠᠨ ᠱᠠᠭᠠᠷᠳᠠᠬᠤ ᠶᠢ ᠰᠢᠮᠳᠠᠭᠤᠯᠤᠨ ᠵᠢᠯᠣᠭᠤᠳᠴᠤ᠂ ᠢᠳᠡᠭᠡᠨ ᠤ ᠠᠮᠤᠷ ᠲᠦᠪᠰᠢᠨ ᠤ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1