18 ᠵᠢᠯ ᠬᠡᠷᠡᠭᠯᠡᠭᠰᠡᠨ ᠴᠠᠬᠢᠯᠭᠠᠨ ᠱᠠᠲᠤ ᠶᠢ ᠬᠡᠷᠡᠭᠯᠡᠭᠡᠨ ᠠᠴᠠ ᠭᠠᠷᠭᠠᠵᠦ ᠪᠤᠯᠤᠨ᠎ᠠ ᠤᠤ︖ ᠰᠤᠯᠢᠨ᠎ᠠ ᠤᠤ ᠵᠠᠰᠠᠨ᠎ᠠ ᠤᠤ︖ ᠶᠠᠮᠠᠷ ᠲᠤᠭᠳᠠᠭᠠᠯ ᠪᠠᠶᠢᠳᠠᠭ ᠪᠤᠯ︖
ᠨᠡᠶᠢᠲᠡᠯᠡᠭᠰᠡᠨ ᠴᠠᠭ᠄
2024/8/28
      15 ᠵᠢᠯ ᠪᠤᠶᠤ 18 ᠵᠢᠯ ᠪᠤᠯᠤᠭᠰᠠᠨ ᠴᠠᠬᠢᠯᠭᠠᠨ ᠱᠠᠳᠦ ᠶᠢ ᠪᠦᠬᠦᠯᠢ ᠪᠠᠷ ᠨᠢ ᠬᠡᠷᠡᠭᠯᠡᠭᠡᠨ ᠠᠴᠠ ᠭᠠᠷᠭᠠᠬᠤ  ᠨᠢ ᠨᠡᠶᠢᠳᠡᠮ ᠵᠢᠯᠣᠭᠤᠳᠬᠤ ᠰᠠᠨᠠᠯ ᠪᠢᠰᠢ ᠪᠤᠯᠤᠭᠰᠠᠨ ᠦᠨᠦᠳᠦᠷ᠂ ᠴᠠᠬᠢᠯᠭᠠᠨ ᠱᠠᠲᠤ ᠶᠢ ᠰᠤᠯᠢᠬᠤ ᠰᠡᠯᠪᠢᠨ ᠵᠠᠰᠠᠬᠤ ᠱᠠᠭᠠᠷᠳᠠᠯᠭ᠎ᠠ ᠨᠢ ᠬᠡᠵᠢᠶ᠎ᠡ ᠲᠦᠪᠯᠡᠷᠡᠩᠭᠦᠢ ᠢᠯᠡᠷᠡᠬᠦ ᠶᠢ ᠤᠷᠢᠳᠴᠢᠯᠠᠨ ᠮᠠᠭᠠᠳᠯᠠᠬᠤ ᠳᠤ ᠪᠡᠷᠬᠡᠲᠡᠶ᠃ ᠬᠡᠷᠪᠡ ᠲᠦᠪᠯᠡᠷᠡᠩᠭᠦᠢ ᠢᠯᠡᠷᠡᠪᠡᠯ᠂ ᠬᠤᠯᠪᠣᠭᠳᠠᠯ ᠪᠦᠬᠦᠢ ᠠᠰᠠᠭᠤᠳᠠᠯ ᠢ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠦ᠋ᠢᠬᠠᠨ ᠰᠢᠢᠳᠪᠦᠷᠢᠯᠡᠬᠦ︾ ᠳᠤ ᠨᠡᠯᠢᠶᠡᠳ ᠬᠦᠴᠢᠷ ᠲᠠᠢ ᠶᠤᠮ᠃      1᠂ ᠴᠠᠬᠢᠯᠭᠠᠨ ᠱᠠᠲᠤ ᠶᠢ ᠬᠡᠷᠡᠭᠯᠡᠭᠡᠳ 18 ᠵᠢᠯ ᠪᠤᠯᠪᠠᠯ ᠡᠷᠬᠡᠪᠡᠰᠢ ᠪᠦᠬᠦᠯᠢ ᠴᠤᠭᠴᠠ ᠪᠠᠷ ᠨᠢ ᠬᠡᠷᠡᠭᠯᠡᠭᠡᠨ  ᠠᠴᠠ ᠭᠠᠷᠭᠠᠬᠤ ᠬᠡᠷᠡᠭᠲᠡᠢ ᠦᠦ︖       ᠠᠰᠠᠷ ᠤᠨ ᠴᠠᠬᠢᠯᠭᠠᠨ ᠱᠠᠲᠤ ᠶᠢ ᠬᠡᠷᠡᠭᠯᠡᠭᠡᠳ 18 ᠵᠢᠯ ᠪᠤᠯᠵᠠᠢ᠃ ᠤᠯᠤᠰ ᠤᠨ ᠲᠤᠭᠳᠠᠭᠠᠯ ᠶᠤᠰᠤᠭᠠᠷ ᠡᠷᠬᠡᠪᠡᠰᠢ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠬᠡᠷᠡᠭᠳᠡᠢ᠂ ᠭᠡᠳᠡᠯ᠎ᠡ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ ᠠᠴᠠ ᠡᠶᠢᠮᠦᠷᠬᠦ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠦᠭᠡᠢ ᠭᠡᠵᠡᠢ᠃ ︽18 ᠵᠢᠯ︾ ᠨᠢ ᠤᠳᠤᠬᠠᠨ ᠤ ᠴᠠᠬᠢᠯᠭᠠᠨ ᠱᠠᠳᠦ ᠶᠢ ᠰᠤᠯᠢᠬᠤ ᠵᠠᠰᠠᠬᠤ ᠶᠢᠨ ᠮᠠᠭᠤᠯᠳᠣᠭᠠᠨ ᠤ ᠴᠡᠭ ᠪᠤᠯᠵᠠᠢ᠂ ᠲᠡᠭᠡᠪᠡᠯ ᠢᠮᠦᠷᠬᠦ ᠲᠤᠭᠳᠠᠭᠠᠯ ᠪᠠᠶᠢᠨ᠎ᠠ ᠤᠤ︖     ᠴᠠᠬᠢᠯᠭᠠᠨ ᠱᠠᠳᠦ ᠶᠢ ᠪᠦᠬᠦᠯᠢ ᠴᠤᠭᠴᠠ ᠪᠠᠷ ᠨᠢ ᠬᠡᠷᠡᠭᠯᠡᠭᠡᠨ ᠠᠴᠠ ᠭᠠᠷᠭᠠᠬᠤ ᠵᠢᠯ ᠬᠤᠭᠤᠴᠠᠭ᠎ᠠ ᠳᠤ ᠤᠯᠤᠰ ᠤᠨ ᠪᠠᠷᠢᠮᠵᠢᠶ᠎ᠠ ᠦᠭᠡᠶ᠂ ᠵᠥᠪᠬᠡᠨ ︽ᠴᠠᠬᠢᠯᠭᠠᠨ ᠱᠠᠲᠤ ᠶᠢᠨ ᠭᠤᠤᠯ ᠰᠡᠯᠪᠢᠭ ᠲᠣᠨᠤᠭ ᠤᠨ ᠬᠡᠷᠡᠭᠯᠡᠭᠡᠨ ᠠᠴᠠ ᠭᠠᠷᠭᠠᠬᠤ ᠮᠡᠷᠭᠡᠵᠢᠯ ᠤᠨ ᠨᠥᠬᠦᠴᠡᠯ︾ ᠢᠶᠠᠷ ᠯᠠᠪᠯᠠᠯᠲᠠ ᠪᠣᠯᠭᠠᠵᠤ ᠪᠣᠯᠤᠨ᠎ᠠ᠂ ︽︽18 ᠵᠢᠯ︾ ᠭᠡᠬᠦ ᠡᠨᠡᠬᠦ ᠬᠡᠯᠡᠯᠭᠡ ᠨᠢ 2001 ᠣᠨ ᠳᠤ ᠪᠡᠭᠡᠵᠢᠩ ᠬᠤᠲᠠ ᠶᠢᠨ ᠣᠯᠠᠨ ᠰᠠᠯᠠᠭ᠎ᠠ ᠮᠥᠴᠢᠷ ᠤᠨ ᠬᠠᠮᠲᠤᠷᠠᠨ ᠨᠡᠶᠢᠲᠡᠯᠡᠭᠰᠡᠨ ︽ᠪᠡᠭᠡᠵᠢᠩ ᠬᠤᠲᠠ ᠶᠢᠨ ᠣᠷᠣᠨ ᠰᠠᠭᠤᠴᠠ ᠶᠢᠨ ᠴᠠᠬᠢᠯᠭᠠᠨ ᠱᠠᠲᠤ ᠶᠢᠨ ᠬᠡᠷᠡᠭᠯᠡᠭᠡᠨ ᠠᠴᠠ ᠭᠠᠷᠭᠠᠬᠤ ᠬᠠᠮᠢᠶᠠᠷᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠮᠡᠳᠡᠭᠳᠡᠯ︾ ᠠᠴᠠ ᠢᠷᠡᠯᠲᠡ ᠲᠠᠢ᠃ ᠮᠡᠳᠡᠭᠳᠡᠯ ᠳᠤ᠂ ᠪᠠᠷᠢᠯᠭ᠎ᠠ ᠳᠤ ᠵᠥᠪᠬᠡᠨ ᠨᠢᠭᠡ ᠴᠠᠬᠢᠯᠭᠠᠨ ᠱᠠᠲᠤ ︵ᠪᠡᠯᠡᠳᠬᠡᠯ ᠱᠠᠲᠤ ᠥᠬᠡᠶ︶ ᠶᠢ ᠵᠢᠷᠤᠵᠤ ᠲᠥᠯᠥᠪᠯᠡᠭᠰᠡᠨ ᠪᠠᠶᠢᠪᠠᠯ ᠂ 15 ᠵᠢᠯ ᠤᠨ ᠲᠠᠷᠠᠭ᠎ᠠ ᠬᠡᠷᠡᠭᠴᠡᠭᠡ ᠠᠴᠠ ᠭᠠᠷᠭᠠᠬᠤ ᠬᠡᠷᠡᠭᠲᠡᠶ︔ ᠪᠡᠯᠡᠳᠬᠡᠯ ᠱᠠᠲᠤ ᠲᠠᠢ ᠪᠣᠯ 18 ᠵᠢᠯ ᠤᠨ ᠲᠠᠷᠠᠭ᠎ᠠ ᠬᠡᠷᠡᠭᠴᠡᠭᠡ ᠠᠴᠠ ᠭᠠᠷᠭᠠᠬᠤ ᠬᠡᠷᠡᠭᠲᠡᠶ ᠭᠡᠵᠤ ᠲᠤᠷᠠᠳᠴᠠᠢ᠃      ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠲᠣᠰ ᠬᠤᠲᠠ ᠶᠢᠨ ᠰᠠᠭᠤᠭᠠᠯᠢ ᠠᠷᠠᠳ ᠤᠨ ᠠᠰᠠᠷ ᠤᠨ ᠳᠣᠲᠣᠷᠠᠬᠢ ᠴᠠᠬᠢᠯᠭᠠᠨ ᠱᠠᠲᠤ ᠶᠢᠨ ᠣᠯᠠᠩᠬᠢ ᠨᠢ ᠲᠦᠪᠯᠡᠷᠡᠩᠭᠦᠢ᠂ ᠬᠡᠰᠡᠭᠵᠢᠬᠦ ᠵᠢᠷᠤᠭ ᠲᠥᠯᠥᠪᠯᠡᠭᠡ ᠠᠪᠴᠤ᠂ ᠰᠠᠭᠠᠳ ᠲᠣᠳᠬᠠᠷ ᠢ ᠪᠦᠲᠦᠮᠵᠢᠲᠡᠶ ᠪᠠᠭᠤᠷᠠᠭᠤᠯᠵᠤ᠂ ᠰᠡᠯᠪᠢᠭ ᠲᠣᠨᠤᠭ ᠢ ᠰᠣᠯᠢᠬᠤ ᠳᠤ ᠨᠠᠩ ᠠᠮᠠᠷᠬᠠᠨ ᠪᠣᠯᠵᠠᠢ᠂ ᠡᠨᠡ ᠨᠢ ︽18 ᠵᠢᠯ︾ ᠳᠤ ᠴᠠᠬᠢᠯᠭᠠᠨ ᠱᠠᠲᠤ ᠶᠢᠨ ᠬᠡᠷᠡᠭᠯᠡᠭᠡᠨ ᠠᠴᠠ ᠭᠠᠷᠭᠠᠬᠤ ᠭᠤᠣᠯ ᠬᠡᠮᠵᠢᠬᠦ ᠪᠠᠷᠢᠮᠵᠢᠶ᠎ᠠ ᠪᠢᠰᠢ ᠪᠣᠯᠵᠠᠢ᠃          2᠂ ᠶᠠᠭᠤᠨ ᠤ ᠤᠴᠢᠷ ᠠᠴᠠ ᠰᠤᠯᠢᠬᠤ ᠵᠠᠰᠠᠬᠤ ᠬᠦᠰᠡᠯ ᠱᠠᠭᠠᠷᠳᠠᠯᠭ᠎ᠠ ᠨᠢ ᠵᠤᠨ ᠤ ᠰᠡᠭᠦᠯᠴᠢ ᠨᠠᠮᠦᠷ ᠤᠨ ᠡᠬᠢᠨ ᠳᠤ ᠲᠦᠪᠯᠡᠷᠡᠳᠡᠭ ᠪᠣᠢ︖      2021 ᠣᠨ ᠠᠴᠠ ᠤᠳᠤ ᠪᠣᠯᠲᠠᠯᠠᠬᠢ ᠴᠠᠬᠢᠯᠭᠠᠨ ᠱᠠᠲᠤ ᠶᠢ ᠰᠣᠯᠢᠵᠤ ᠵᠠᠰᠠᠬᠤ ᠬᠤᠯᠪᠣᠭᠳᠠᠯ ᠪᠦᠬᠦᠢ ᠬᠦᠰᠡᠯ ᠱᠠᠭᠠᠷᠳᠠᠯᠭ᠎ᠠ ᠶᠢ ᠡᠮᠬᠢᠯᠡᠬᠦ ᠳᠤ᠂ ᠬᠤᠯᠪᠣᠭᠳᠠᠯ ᠪᠦᠬᠦᠢ ᠬᠦᠰᠡᠯ ᠱᠠᠭᠠᠷᠳᠠᠯᠭ᠎ᠠ ᠨᠢ ᠭᠤᠤᠯᠳᠠᠭᠤ ᠵᠤᠨ ᠤ ᠰᠡᠭᠦᠯᠴᠢ ᠨᠠᠮᠦᠷ ᠤᠨ ᠡᠬᠢᠨ ᠲᠦᠪᠯᠡᠷᠡᠵᠦ ᠪᠠᠶᠢᠬᠤ ᠶᠢ ᠣᠯᠵᠤ ᠮᠡᠳᠡᠪᠡ᠃  ᠤᠶᠢᠷ᠎ᠠ ᠶᠢᠨ ᠬᠤᠭᠤᠴᠠᠭᠠᠨ ᠳᠤ ᠴᠤᠤ ᠶᠠᠩ ᠲᠣᠭᠤᠷᠢᠭ ᠤᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠤᠰᠬᠤᠨ ᠤ ᠵᠡᠭᠡᠯᠢ ᠭᠤᠳᠤᠮᠵᠢ᠂ ᠰᠢ ᠴᠧᠩ ᠲᠣᠭᠤᠷᠢᠭ ᠤᠨ ᠳ᠋ᠧ ᠱᠧᠩ ᠵᠡᠭᠡᠯᠢ ᠭᠤᠳᠤᠮᠵᠢ᠂ ᠲᠦᠩ ᠵᠧᠦ ᠲᠣᠭᠤᠷᠢᠭ ᠤᠨ ᠶᠠᠩ ᠵᠤᠸᠠᠩ ᠵᠡᠭᠡᠯᠢ ᠭᠤᠳᠤᠮᠵᠢ ᠵᠡᠷᠭᠡ ᠨᠢ ᠴᠥᠮ ᠲᠤᠰ ᠲᠤᠰ ᠤᠨ ᠬᠠᠷᠢᠶ᠎ᠠ ᠲᠣᠭᠤᠷᠢᠭ ᠤᠨ ᠴᠠᠬᠢᠯᠭᠠᠨ ᠱᠠᠲᠤ ᠶᠢ ᠰᠡᠯᠪᠢᠨ ᠵᠠᠰᠠᠬᠤ ᠠᠵᠢᠯ ᠢ ᠢᠳᠡᠪᠬᠢᠲᠡᠢ ᠠᠬᠢᠭᠤᠯᠵᠤ ᠪᠠᠶᠢᠨ᠎ᠠ᠂ ᠡᠭᠦᠨ ᠤ ᠰᠢᠯᠲᠠᠭᠠᠨ ᠨᠢ᠂ ᠵᠤᠨ ᠤ ᠰᠡᠭᠦᠯᠴᠢ ᠨᠠᠮᠦᠷ ᠤᠨ ᠡᠬᠢᠨ ᠤ ᠠᠭᠤᠷ ᠠᠮᠢᠰᠬᠤᠯ ᠪᠦᠭᠴᠢᠮ᠎ᠡ ᠬᠠᠯᠠᠭᠤᠨ ᠴᠢᠭᠢᠭᠯᠢᠭ ᠨᠤᠶᠢᠳᠠᠨ ᠪᠠᠶᠢᠵᠤ᠂ ᠬᠠᠭᠤᠴᠢᠨ ᠴᠠᠬᠢᠯᠭᠠᠨ ᠱᠠᠳᠦ ᠶᠢᠨ ᠰᠡᠯᠪᠢᠭ ᠲᠣᠨᠤᠭ ᠨᠢ ᠴᠠᠭ ᠠᠭᠤᠷ ᠤᠨ ᠨᠥᠯᠥᠭᠡ ᠶᠢ ᠠᠮᠠᠷᠬᠠᠨ ᠬᠦᠷᠲᠡᠬᠦ ᠶᠢᠨ ᠬᠠᠮᠲᠤ ᠡᠨᠡ ᠬᠦ ᠴᠠᠭ ᠬᠤᠭᠤᠴᠠᠭ᠎ᠠ ᠨᠢ ᠰᠠᠭᠤᠭᠠᠯᠢ ᠠᠷᠠᠳ ᠤᠨ ᠭᠡᠷ ᠪᠠᠶᠢᠰᠢᠩ ᠵᠠᠰᠠᠵᠤ ᠴᠢᠮᠡᠭᠯᠡᠬᠦ ᠣᠷᠭᠢᠯ ᠤᠨ ᠬᠤᠭᠤᠴᠠᠭ᠎ᠠ ᠪᠠᠶᠢᠵᠤ᠂ ᠡᠳ᠋ ᠪᠤᠳᠠᠰ ᠵᠠᠰᠠᠵᠦ ᠴᠢᠮᠡᠭᠯᠡᠬᠦ ᠮᠠᠲ᠋ᠧᠷᠢᠶᠠᠯ  ᠵᠦᠭᠡᠭᠡᠪᠦᠷᠢᠯᠡᠬᠦ ᠨᠢ ᠴᠠᠬᠢᠯᠭᠠᠨ ᠱᠠᠲᠤ ᠶᠢᠨ ᠠᠵᠢᠯᠯᠠᠭᠠᠨ ᠤ ᠳᠠᠭᠠᠭᠠᠴᠠ ᠶᠢ ᠨᠡᠮᠡᠭᠳᠡᠭᠦᠯᠦᠭᠰᠡᠨ ᠪᠠᠶᠢᠨ᠎ᠠ᠃ ᠡᠳᠡᠭᠡᠷ ᠬᠦᠴᠦᠨ ᠵᠦᠢᠯ ᠢ ᠶᠡᠷᠦᠩᠬᠡᠶᠢᠯᠡᠪᠡᠯ᠂ ᠵᠤᠨ ᠤ ᠰᠡᠭᠦᠯᠴᠢ ᠨᠠᠮᠤᠷ ᠤᠨ ᠡᠬᠢᠨ ᠤ ᠬᠤᠭᠤᠴᠠᠭ᠎ᠠ ᠪᠣᠯ ᠬᠠᠭᠤᠴᠢᠨ ᠴᠠᠬᠢᠯᠭᠠᠨ ᠱᠠᠲᠤ ᠶᠢᠨ ᠰᠠᠭᠠᠲᠠᠯ ᠣᠯᠠᠨ ᠭᠠᠷᠬᠤ ᠬᠤᠭᠤᠴᠠᠭ᠎ᠠ ᠪᠤᠯᠵᠤ᠂ ᠰᠠᠭᠤᠭᠠᠯᠢ ᠠᠷᠠᠳ ᠤᠨ ᠵᠠᠭᠠᠯᠳᠤᠯᠭ᠎ᠠ ᠨᠡᠮᠡᠭᠳᠡᠨ᠎ᠡ᠃        ᠴᠠᠬᠢᠯᠭᠠᠨ ᠱᠠᠲᠤ ᠬᠡᠷᠡᠭᠯᠡᠬᠦ ᠨᠢ ᠵᠢᠷᠤᠮᠵᠢᠯ ᠦᠭᠡᠢ᠂ ᠥᠨᠳᠥᠷ ᠳᠠᠭᠠᠭᠠᠴᠠ ᠲᠠᠢ ᠪᠠᠷ ᠠᠵᠢᠯᠯᠠᠭᠤᠯᠬᠤ ᠨᠢ ᠴᠠᠬᠢᠯᠭᠠᠨ ᠱᠠᠲᠤ ᠶᠢᠨ ︽ᠡᠷᠡᠭᠦᠯ ᠮᠡᠨᠳᠦ︾ ᠶᠢ ᠬᠤᠬᠢᠷᠠᠭᠤᠯᠤᠨ᠎ᠠ ᠤᠤ︖ ᠪᠡᠭᠡᠵᠢᠩ ᠬᠤᠲᠠ ᠶᠢᠨ ᠴᠠᠬᠢᠯᠭᠠᠨ ᠱᠠᠲᠤ ᠶᠢᠨ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠰᠦᠩ ᠶᠧ ᠹᠧᠩ᠂ ᠡᠩ ᠤᠨ ᠦᠶ᠎ᠡ ᠳᠤ ᠰᠠᠭᠤᠭᠠᠯᠢ ᠠᠷᠠᠳ ᠴᠠᠬᠢᠯᠭᠠᠨ ᠱᠠᠲᠤ ᠬᠡᠷᠡᠭᠯᠡᠬᠦ ᠦᠶᠡᠰ᠂ ᠰᠠᠭᠤᠳᠠᠯ ᠤᠨ ᠥᠷᠥᠭᠡ ᠨᠢ ᠵᠢᠭᠳᠡ ᠪᠠᠶᠢᠳᠠᠭ᠃ ᠠᠶᠠᠨᠴᠢᠳ ᠤᠨ ᠴᠠᠬᠢᠯᠭᠠᠨ ᠱᠠᠲᠤ ᠪᠠᠷ ᠬᠦᠨᠳᠦ ᠪᠤᠳᠠᠰ ᠵᠦᠭᠡᠭᠡᠪᠦᠷᠢᠯᠡᠬᠦ ᠦᠶᠡᠰ᠂ ᠪᠤᠳᠠᠰ ᠤᠨ ᠬᠦᠨᠳᠦ ᠶᠢᠨ ᠬᠡᠮᠵᠢᠶ᠎ᠡ ᠨᠢ ᠨᠢᠭᠡ ᠪᠠᠶᠢᠷᠢᠨ ᠳᠤ ᠲᠥᠪᠯᠡᠷᠡᠵᠦ᠂ᠰᠠᠭᠤᠳᠠᠯ ᠤᠨ ᠥᠷᠥᠭᠡ ᠨᠢ ᠬᠡᠯᠪᠡᠶᠢᠬᠦ ᠵᠡᠷᠭᠡ ᠰᠢᠯᠳᠠᠭᠠᠨ ᠠᠴᠠ ᠴᠠᠬᠢᠯᠭᠠᠨ ᠱᠠᠳᠤ ᠶᠢᠨ ᠡᠪᠳᠡᠷᠡᠯ ᠢ ᠨᠡᠮᠡᠭᠳᠡᠭᠦᠯᠦᠨ᠎ᠡ ᠭᠡᠵᠦ ᠪᠠᠳᠤᠳᠠᠢ ᠲᠠᠶᠢᠪᠦᠷᠢᠯᠠᠯᠳᠡ ᠬᠢᠵᠡᠢ᠃      3᠂ ᠶᠠᠮᠠᠷ ᠶᠠᠩᠵᠤ ᠶᠢᠨ ᠴᠠᠬᠢᠯᠭᠠᠨ ᠱᠠᠲᠤ ᠨᠢ ᠰᠣᠯᠢᠵᠤ ᠵᠠᠰᠠᠬᠤ ᠳᠤ ᠬᠠᠮᠤᠭ ᠠᠴᠠ ᠬᠦᠴᠢᠷᠲᠡᠢ ᠪᠠᠶᠢᠳᠠᠭ ᠪᠤᠢ︖      ᠴᠠᠬᠢᠯᠭᠠᠨ ᠱᠠᠲᠤ ᠶᠢ ᠵᠠᠰᠠᠵᠤ ᠰᠢᠨᠡᠳᠭᠡᠬᠦ ᠳᠤ ︽ᠣᠷᠣᠨ ᠰᠠᠭᠤᠴᠠ ᠶᠢᠨ ᠥᠭᠡᠷᠡᠴᠢᠯᠡᠯᠲᠡ︾ ᠶᠢᠨ ᠰᠠᠭᠤᠭᠠᠯᠢ ᠠᠷᠠᠳ ᠤᠨ ᠲᠤᠭᠤᠷᠢᠭ ᠲᠤ ᠬᠠᠮᠤᠭ ᠪᠤᠳᠤᠯᠢᠶᠠᠨᠳᠠᠢ᠃ ᠡᠶᠢᠮᠦ ᠪᠠᠶᠢᠳᠠᠯ ᠨᠢ ᠪᠡᠭᠡᠵᠢᠩ ᠤᠨ ᠴᠤᠤ ᠶᠠᠩ ᠲᠣᠭᠤᠷᠢᠭ ᠪᠣᠯᠤᠨ ᠹᠡᠩ ᠲᠠᠢ ᠲᠤᠭᠤᠷᠢᠭ ᠲᠤ ᠨᠡᠯᠢᠶᠡᠳ ᠲᠤᠪᠤᠶᠢᠮ᠎ᠠ ᠣᠷᠣᠰᠢᠵᠤ ᠪᠠᠶᠢᠨ᠎ᠠ᠃ ᠳᠡᠭᠡᠷ᠎ᠡ ᠵᠠᠭᠤᠨ ᠤ ᠨᠠᠶᠠ ᠶᠡᠷᠡᠭᠡᠳ ᠣᠨ ᠤ ᠦᠶ᠎ᠡ ᠳᠤ᠂ ᠡᠯ᠎ᠡ ᠲᠣᠮᠣ ᠶᠠᠮᠤᠨ ᠵᠥᠪᠯᠡᠯ᠂ ᠡᠯ᠎ᠡ ᠲᠥᠪ ᠤᠨ ᠬᠠᠷᠢᠶ᠎ᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ  ᠶᠢᠨ ᠠᠰᠠᠷ ᠪᠠᠶᠢᠵᠦ᠂ ᠨᠢᠭᠡᠨ ᠰᠠᠭᠤᠭᠠᠯᠢ ᠠᠷᠠᠳ ᠤᠨ ᠠᠰᠠᠷ ᠨᠢ ᠣᠯᠠᠨ ᠥᠮᠴᠢᠯᠡᠬᠦ ᠡᠷᠬᠡ ᠲᠠᠢ ᠬᠤᠯᠪᠣᠭᠳᠠᠭᠰᠠᠨ ᠣᠳᠣᠬᠢ ᠪᠠᠶᠢᠳᠠᠯ ᠢ ᠪᠦᠷᠢᠯᠳᠦᠭᠦᠯᠵᠡᠶ᠃ ᠣᠳᠣ ᠡᠳᠡᠭᠡᠷ ᠥᠮᠴᠢᠯᠡᠬᠦ ᠡᠷᠬᠡ ᠶᠢᠨ ᠨᠢᠭᠡᠴᠢ ᠨᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠳᠠᠭᠠᠯᠳᠤᠨ᠂ ᠵᠠᠷᠢᠮ ᠨᠢ ᠨᠡᠷ᠎ᠡ ᠪᠠᠨ ᠰᠤᠯᠢᠵᠦ᠂ ᠵᠠᠷᠢᠮ ᠨᠢ ᠬᠠᠮᠢᠶᠠᠷᠤᠭᠴᠢ ᠨᠢ ᠬᠤᠪᠢᠷᠠᠵᠦ᠂ ᠴᠢᠨᠠᠭᠰᠢᠯᠠᠪᠠᠯ ᠵᠠᠷᠢᠮ ᠥᠮᠴᠢᠯᠡᠬᠦ ᠡᠷᠬᠡ ᠲᠠᠢ ᠨᠢᠭᠡᠴᠢ ᠨᠢᠭᠡᠨᠲᠡ ᠪᠠᠶᠢᠬᠤ ᠦᠭᠡᠶ ᠪᠣᠯᠪᠠ᠃ ᠨᠢᠭᠡ ᠲᠠᠯ᠎ᠠ ᠪᠠᠷ ᠰᠠᠭᠤᠭᠠᠯᠢ ᠠᠷᠠᠳ ᠤᠨ ᠠᠰᠠᠷ ᠲᠤ ᠬᠤᠯᠪᠣᠭᠳᠠᠬᠤ ᠥᠮᠴᠢᠯᠡᠬᠦ ᠡᠷᠬᠡ ᠶᠢᠨ ᠨᠢᠭᠡᠴᠢ ᠶᠢ ᠳᠠᠬᠢᠨ ᠡᠮᠬᠢᠯᠡᠨ ᠳᠢᠭᠯᠡᠵᠦ᠂ ᠨᠢᠭᠡ ᠲᠠᠯ᠎ᠠ ᠪᠠᠷ ᠪᠠᠰᠠ ᠣᠯᠠᠨ ᠨᠡᠶᠢᠲᠡ ᠶᠢᠨ ᠰᠡᠯᠪᠢᠨ ᠵᠠᠰᠠᠬᠤ ᠪᠠᠯᠠ ᠮᠥᠩᠭᠦ ᠶᠢ ᠴᠤᠭᠯᠠᠭᠤᠯᠬᠤ ᠬᠡᠷᠡᠭᠲᠡᠶ᠂ ᠡᠨᠡ ᠨᠢ ᠵᠡᠭᠡᠯᠢ ᠭᠤᠳᠤᠮᠵᠢ ᠳᠤ ᠠᠪᠴᠤ ᠬᠡᠯᠡᠪᠡᠯ ᠴᠥᠮ ︽ᠶᠡᠭᠡ ᠢᠨᠵᠧᠨᠧᠷᠢᠩ︾ ᠪᠣᠯᠤᠨ᠎ᠠ᠃      ᠪᠡᠭᠡᠵᠢᠩ ᠤᠨ ᠳᠥᠷᠪᠡᠳᠦᠭᠡᠷ ᠲᠣᠭᠤᠷᠢᠯ ᠵᠠᠮ ᠤᠨ ᠲᠥᠪᠡᠳ‌‍ᠲ᠋ᠣᠮᠣ ᠠᠰᠠᠷ ᠤᠨ ᠬᠠᠵᠠᠭᠤᠳᠠᠬᠢ ᠥᠨᠳᠥᠷ ᠠᠰᠠᠷ ᠤᠨ ᠴᠠᠬᠢᠯᠭᠠᠨ ᠱᠠᠲᠤ 30 ᠵᠢᠯ ᠬᠡᠷᠡᠭᠯᠡᠭᠡᠳ ᠰᠠᠭᠤᠭᠠᠯᠢ ᠠᠷᠠᠳ ᠵᠠᠰᠠᠵᠤ ᠰᠤᠯᠢᠬᠤ ᠬᠦᠰᠡᠯ ᠪᠠᠴᠢᠮ ᠪᠤᠯᠵᠠᠢ᠃ ᠣᠶᠢᠷ᠎ᠠ ᠳᠤ᠂ ᠰᠠᠭᠤᠭᠠᠯᠢ ᠠᠷᠠᠳ 12345 ᠤᠲᠠᠰᠤᠨ ᠳᠤ  ᠤᠯᠠᠨ ᠤᠳᠠᠭ᠎ᠠ ᠪᠠᠶᠢᠳᠠᠯ ᠢ ᠲᠤᠰᠬᠠᠪᠠ᠃ ᠬᠠᠷᠢᠶ᠎ᠠ ᠭᠠᠵᠠᠷ ᠤᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠲᠣᠰᠬᠤᠨ ᠤ ᠵᠡᠭᠡᠯᠢ ᠭᠤᠳᠤᠮᠵᠢ ᠠᠴᠠ ᠣᠶᠢᠯᠠᠭᠠᠭᠰᠠᠨ ᠢᠶᠠᠷ᠂ 2023 ᠣᠨ ᠠᠴᠠ ᠡᠬᠢᠯᠡᠨ᠂ ᠨᠡᠶᠢᠭᠡᠮ ᠲᠣᠭᠤᠷᠢᠭ᠂ ᠠᠳᠠᠯ ᠠᠬᠤᠶ  ᠶᠢᠨ ᠠᠵᠦ ᠠᠬᠤᠶᠢᠯᠠᠯ ᠬᠤᠯᠪᠤᠭᠠᠯᠠᠨ ᠥᠮᠴᠢᠯᠡᠬᠦ ᠡᠷᠬᠡ ᠶᠢᠨ ᠨᠢᠭᠡᠴᠢ ᠶᠢ ᠭᠠᠷᠳᠠᠨ ᠡᠮᠬᠢᠯᠡᠵᠦ᠂ ᠬᠢᠨᠠᠨ ᠬᠠᠷᠭᠤᠭᠤᠯᠬᠤ ᠪᠠᠷ ᠳᠡᠮᠵᠢᠨ᠂ ᠡᠨᠡ ᠬᠦ ᠠᠰᠠᠷ ᠤᠨ ᠥᠮᠴᠢᠯᠡᠬᠦ ᠡᠷᠬᠡ ᠶᠢᠨ ᠨᠢᠭᠡᠴᠢ 17 ᠪᠣᠶ᠃ ᠴᠠᠬᠢᠯᠭᠠᠨ ᠱᠠᠲᠤ ᠳᠤ ᠵᠠᠰᠠᠪᠤᠷᠢ ᠣᠷᠣᠭᠤᠯᠬᠤ ᠲᠥᠰᠦᠯ ᠳᠤ ᠣᠳᠣᠬᠠᠨ ᠳᠤ ᠲᠤᠰᠬᠠᠶ ᠮᠡᠷᠭᠡᠵᠢᠯ ᠤᠨ ᠰᠠᠯᠠᠭ᠎ᠠ ᠮᠥᠴᠢᠷ ᠶᠠᠭ ᠬᠢᠨᠠᠨ ᠲᠤᠭᠳᠠᠭᠠᠯᠳᠠ ᠬᠢᠵᠦ ᠪᠠᠶᠢᠨ᠎ᠠ᠂ ᠬᠢᠨᠠᠨ ᠲᠣᠭᠲᠠᠭᠠᠭᠰᠠᠨ ᠦᠷ᠎ᠡ ᠳ᠋ᠦᠩ ᠭᠠᠷᠴᠦ ᠢᠷᠡᠪᠡᠯ᠂ ᠠᠳᠠᠯ ᠠᠬᠤᠶ ᠤᠨ ᠠᠵᠦ ᠠᠬᠤᠶᠢᠯᠠᠯ ᠡᠭᠦᠨ ᠢ ᠦᠨᠳᠦᠰᠦᠯᠡᠨ ᠲᠥᠰᠦᠪ ᠭᠠᠷᠭᠠᠵᠤ᠂ ᠥᠮᠴᠢᠯᠡᠬᠦ ᠡᠷᠬᠡ ᠶᠢᠨ ᠬᠤᠪᠢᠶᠠᠨ ᠳᠠᠭᠠᠭᠠᠬᠤ ᠬᠠᠷᠢᠴᠠᠯ ᠶᠣᠰᠣᠭᠠᠷ ᠳᠠᠬᠢᠨ ᠡᠯ᠎ᠡ ᠥᠮᠴᠢᠯᠡᠬᠦ ᠡᠷᠬᠡ ᠶᠢᠨ ᠨᠢᠭᠡᠴᠢ ᠲᠠᠢ ᠵᠦᠪᠳᠡᠯᠴᠡᠵᠦ ᠰᠢᠢᠳᠪᠦᠷᠢᠯᠡᠨ᠎ᠡ᠃        4᠂ ᠶᠠᠭᠤᠨ ᠳᠤ ᠰᠠᠭᠤᠭᠠᠯᠢ ᠠᠷᠠᠳ ᠤᠨ ᠰᠠᠨᠠᠯ ᠢ ᠨᠢᠭᠡᠳᠭᠡᠬᠦ ᠳᠤ ᠬᠦᠴᠢᠷᠲᠡᠢ ᠪᠤᠢ︖      ᠠᠳᠠᠯᠢ ᠨᠢᠭᠡᠨ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ᠴᠠᠬᠢᠯᠭᠠᠨ ᠱᠠᠲᠤ ᠰᠤᠯᠢᠬᠤ ᠵᠠᠰᠠᠬᠤ ᠠᠰᠠᠭᠤᠳᠠᠯ ᠳᠤ ᠰᠠᠭᠤᠭᠠᠯᠢ ᠠᠷᠠᠳ ᠤᠨ ᠦᠵᠡᠯᠳᠡ ᠠᠳᠠᠯᠢ ᠦᠭᠡᠢ᠃ ᠴᠠᠬᠢᠯᠭᠠᠨ ᠱᠠᠲᠤ ᠰᠣᠯᠢᠵᠤ ᠵᠠᠰᠠᠬᠤ ᠶᠢ ᠬᠠᠷᠰᠢᠯᠠᠵᠤ ᠪᠠᠶᠢᠭ᠎ᠠ ︽ᠪᠣᠭᠤᠮᠲᠠ︾ ᠶᠢᠨ ᠨᠢᠭᠡ ᠪᠤᠯ ᠰᠠᠭᠤᠭᠠᠯᠢ ᠠᠷᠠᠳ ᠤᠨ ᠰᠠᠨᠠᠯ ᠨᠢᠭᠡᠳᠬᠦ ᠦᠭᠡᠢ ᠶᠠᠪᠤᠳᠠᠯ ᠪᠤᠯᠤᠨ᠎ᠠ᠃      ᠰᠤᠷᠪᠤᠯᠵᠢᠯᠠᠬᠤ ᠪᠠᠷ ᠳᠠᠮᠵᠢᠨ ᠣᠯᠵᠤ ᠮᠡᠳᠡᠭᠰᠡᠨ ᠨᠢ᠂ ᠵᠠᠷᠢᠮ ᠬᠠᠭᠤᠴᠢᠨ ᠰᠠᠭᠤᠭᠠᠯᠢ ᠲᠣᠭᠤᠷᠢᠭ ᠲᠤ᠂ ᠴᠠᠬᠢᠯᠭᠠᠨ ᠱᠠᠲᠤ ᠬᠡᠳᠦ᠋ᠢᠪᠡᠷ ᠬᠠᠭᠤᠴᠢᠷᠠᠭᠰᠠᠨ ᠪᠣᠯᠪᠠᠴᠤ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ᠂ ᠭᠡᠮ ᠰᠣᠭᠤᠭ ᠲᠠᠰᠤᠷᠠᠯᠲᠠ ᠦᠭᠡᠢ ᠪᠣᠯᠪᠠᠴᠤ ︽ᠪᠠᠭ᠎ᠠ ᠵᠠᠰᠠᠪᠤᠷᠢ︾ ᠤᠷᠤᠭᠤᠯᠪᠠᠯ ᠬᠡᠷᠡᠭᠯᠡᠵᠦ ᠪᠤᠯᠤᠨ᠎ᠠ᠂ ᠭᠡᠪᠡᠴᠦ ᠵᠠᠷᠢᠮ ᠰᠠᠭᠤᠭᠠᠯᠢ ᠠᠷᠠᠳ ᠴᠠᠬᠢᠯᠭᠠᠨ ᠱᠠᠲᠤ ᠨᠢ ︽ᠬᠡᠷᠡᠭᠯᠡᠭᠰᠡᠨ ᠴᠠᠭ ᠨᠢ ᠤᠷᠳᠦ︾ ᠪᠤᠯᠬᠤᠷ ᠰᠢᠨ᠎ᠡ ᠶᠢ ᠰᠣᠯᠢᠬᠤ ᠶᠢ ᠬᠦᠰᠡᠵᠦ ᠪᠠᠶᠢᠨ᠎ᠠ᠃ ᠬᠠᠷᠢᠶᠠᠲᠤ ᠭᠠᠵᠠᠷ ᠤᠨ ᠵᠡᠭᠡᠯᠢ ᠭᠤᠳᠤᠮᠵᠢ ᠰᠠᠭᠤᠭᠠᠯᠢ ᠠᠷᠠᠳ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠠᠷᠠᠳ ᠤᠨ ᠰᠠᠨᠠᠯ ᠳᠤ ᠪᠠᠶᠢᠴᠠᠭᠠᠯᠲᠠ ᠬᠢᠪᠡ᠃ ᠢᠷᠭᠡᠨ ᠤ ᠬᠠᠤᠯᠢ ᠶᠢᠨ ᠪᠢᠴᠢᠭ ᠤᠨ ᠱᠠᠭᠠᠷᠳᠠᠯᠭ᠎ᠠ ᠶᠢ ᠦᠨᠳᠦᠰᠦᠯᠡᠪᠡᠯ᠂ ︽ᠭᠤᠷᠪᠠᠨ ᠤ ᠬᠤᠶᠠᠷ ᠠᠴᠠ ᠳᠡᠭᠡᠭᠰᠢᠬᠢ ᠥᠮᠴᠢᠲᠡᠨ ᠪᠢᠯᠧᠲ ᠥᠭᠬᠦ ᠳᠤ ᠣᠷᠣᠯᠴᠠᠬᠤ ᠴᠢᠬᠤᠯᠠᠲᠠᠶ᠂ ᠪᠠᠷᠢᠯᠭ᠎ᠠ ᠶᠢᠨ ᠳᠠᠭᠠᠯᠲᠠ ᠲᠥᠬᠦᠭᠡᠷᠦᠮᠵᠢ ᠵᠢᠱᠢᠶᠡᠯᠡᠪᠡᠯ ᠴᠠᠬᠢᠯᠭᠠᠨ ᠱᠠᠲᠤ ᠵᠡᠷᠭᠡ ᠴᠢᠬᠤᠯᠠ ᠶᠡᠭᠡ ᠵᠦᠢᠯᠡᠰ ᠤᠨ ᠪᠠᠲᠤᠯᠠᠯᠲᠠ ᠳᠤ᠂ ᠳᠥᠷᠪᠡᠨ ᠤ ᠭᠤᠷᠪᠠ ᠠᠴᠠ ᠳᠡᠭᠡᠭᠰᠢᠬᠢ ᠥᠮᠴᠢᠲᠡᠨ ᠪᠠᠳᠤᠯᠠᠯᠳᠠ  ᠳᠤ ᠤᠷᠤᠯᠴᠠᠵᠦ᠂ ᠣᠷᠣᠯᠴᠠᠭᠰᠠᠨ ᠬᠥᠮᠦᠨ ᠤ ᠲᠤᠭ᠎ᠠ ᠶᠢᠨ ᠳᠥᠷᠪᠡᠨ ᠤ ᠭᠤᠷᠪᠠ ᠠᠴᠠ ᠳᠡᠭᠡᠭᠰᠢᠬᠢ ᠥᠮᠴᠢᠲᠡᠨ ᠢᠶᠠᠷ ᠵᠥᠪᠰᠢᠶᠡᠷᠡᠭᠦᠯᠬᠦ ᠬᠡᠷᠡᠭᠲᠡᠶ᠃ ᠪᠠᠶᠢᠴᠠᠭᠠᠯᠲᠠ ᠶᠢᠨ ᠠᠴᠠ ᠦᠵᠡᠪᠡᠯ᠂ ᠵᠦᠪᠰᠢᠶᠡᠷᠡᠭᠰᠡᠨ ᠫᠢᠶᠤᠤ ᠨᠢ ᠪᠠᠷᠢᠮᠵᠢᠶ᠎ᠠ ᠳᠤ ᠬᠦᠷᠭᠦ ᠦᠭᠡᠢ᠃ ᠲᠡᠭᠡᠭᠡᠳ ᠴᠠᠬᠢᠯᠭᠠᠨ ᠱᠠᠲᠤ ᠶᠢ ᠰᠡᠯᠪᠢᠨ ᠵᠠᠰᠠᠬᠤ ᠬᠦᠰᠡᠯ ᠴᠢᠩᠭ᠎ᠠ ᠪᠠᠶᠢᠭ᠎ᠠ ᠰᠠᠭᠤᠭᠠᠯᠢ ᠠᠷᠠᠳ ᠤᠨ ᠣᠶᠢᠯᠠᠭᠠᠬᠤ ᠥᠬᠡᠶ᠂ ᠰᠡᠳᠬᠢᠯ ᠬᠠᠨᠤᠮᠵᠢ ᠥᠬᠡᠶ ᠪᠤᠯᠵᠠᠢ ᠭᠡᠵᠤ ᠵᠡᠭᠡᠯᠢ ᠭᠤᠳᠤᠮᠵᠢ ᠶᠢᠨ ᠨᠢᠭᠡᠨ ᠠᠵᠢᠯᠳᠠᠨ ᠬᠡᠯᠡᠪᠡ᠃      ᠪᠡᠭᠡᠵᠢᠩ ᠬᠤᠲᠠ ᠶᠢᠨ ᠴᠠᠬᠢᠯᠭᠠᠨ ᠱᠠᠲᠤᠨ ᠤ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ ᠵᠠᠩ ᠫᠧᠩ ᠬᠡᠯᠡᠬᠦ ᠳᠡᠭᠡᠨ᠂ ᠰᠠᠭᠤᠭᠠᠯᠢ ᠠᠷᠠᠳ ᠤᠨ ᠰᠠᠨᠠᠯ ᠨᠢᠭᠡᠳᠦᠯ ᠥᠬᠡᠶ ᠪᠠᠶᠢᠬᠤ ᠶᠢᠨ ᠨᠢᠭᠡ ᠰᠢᠯᠳᠠᠭᠠᠨ ᠪᠤᠯ᠂ ᠣᠯᠠᠨ ᠲᠦᠮᠡᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢ ᠬᠠᠷᠠᠬᠠᠨ ᠣᠶᠢᠯᠠᠭᠠᠬᠤ ᠥᠬᠡᠶ ᠠᠴᠠ ᠪᠣᠯᠵᠣ ᠴᠠᠬᠢᠯᠭᠠᠨ ᠱᠠᠲᠤ ᠶᠢ ᠰᠣᠯᠢᠵᠤ ᠵᠠᠰᠠᠬᠤ ᠳᠤ ᠰᠢᠨᠵᠢᠯᠡᠬᠦ ᠤᠬᠠᠭᠠᠨᠴᠢ ᠮᠠᠭᠠᠳᠯᠠᠯᠲᠠ ᠳᠤᠲᠠᠮᠠᠭ ᠪᠣᠯᠤᠭᠰᠠᠨ ᠶᠤᠮ᠃ ᠴᠠᠬᠢᠯᠭᠠᠨ ᠱᠠᠲᠤ ᠪᠣᠯ ᠬᠤᠲᠠ ᠶᠢᠨ ᠠᠷᠠᠳ ᠠᠴᠠ ᠬᠠᠮᠤᠭ ᠤᠨ ᠣᠶᠢᠷ᠎ᠠ ᠪᠠᠶᠢᠭ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠮᠥᠨ᠂ ᠠᠮᠤᠷ ᠲᠦᠪᠰᠢᠨ ᠤ ᠮᠡᠳᠡᠯᠭᠡ᠂ ᠬᠡᠷᠡᠭᠯᠡᠯᠲᠡ ᠶᠢᠨ ᠵᠢᠷᠤᠮᠵᠢᠯ ᠢ ᠤᠯᠠᠮ ᠨᠢᠭᠡ ᠠᠯᠬᠤᠮ ᠲᠦᠭᠡᠮᠡᠯᠵᠢᠭᠦᠯᠬᠦ ᠴᠢᠬᠤᠯᠠᠲᠠᠶ ᠪᠠᠶᠢᠨ᠎ᠠ᠃      5᠂ ᠴᠣᠬᠤᠮ ᠬᠡᠨ ᠨᠢ ᠵᠠᠰᠠᠪᠤᠷᠢᠯᠠᠬᠤ ᠶᠢ ᠠᠩᠬᠠᠷᠤᠨ᠎ᠠ ᠪᠤᠢ︖      ᠨᠡᠶᠢᠭᠡᠮ ᠲᠣᠭᠤᠷᠢᠭ ᠡᠴᠦᠰ ᠲᠡᠭᠡᠨ ᠥᠮᠴᠢᠯᠡᠬᠦ ᠡᠷᠬᠡ ᠶᠢᠨ ᠨᠢᠭᠡᠴᠢ ᠲᠠᠢ ᠨᠡᠪᠲᠡᠷᠡᠯᠴᠡᠵᠦ ᠤᠷᠤᠭᠰᠢᠲᠠᠶ᠂ ᠪᠠᠯᠠ ᠮᠥᠩᠭᠦ ᠶᠢᠨ ᠠᠰᠠᠭᠤᠳᠠᠯ ᠴᠤ ᠨᠠᠷᠢᠨ ᠲᠣᠳᠣᠷᠬᠠᠶ ᠪᠣᠯᠵᠣ᠂ ᠰᠠᠭᠤᠭᠠᠯᠢ ᠠᠷᠠᠳ ᠤᠨ ᠬᠢᠨᠠᠨ ᠲᠣᠭᠲᠠᠭᠠᠬᠤ ᠨᠢᠭᠡᠴᠢ ᠶᠢᠨ ᠥᠭᠭᠦᠭᠰᠡᠨ ︽ᠶᠡᠭᠡ ᠵᠠᠰᠠᠯᠲᠠ ᠶᠢᠨ ᠰᠠᠨᠠᠭᠤᠯᠭ᠎ᠠ︾ ᠶᠢ ᠮᠡᠳᠡᠷᠡᠬᠦ ᠥᠬᠡᠶ ᠪᠠᠶᠢᠬᠤ ᠪᠥᠭᠡᠳ ᠪᠠᠰᠠ ᠴᠤ ᠵᠠᠰᠠᠵᠤ ᠰᠡᠯᠪᠢᠬᠦ ᠬᠦᠰᠡᠯ ᠱᠠᠭᠠᠷᠳᠠᠯᠭ᠎ᠠ ᠳᠤ ᠪᠠᠶᠢᠩᠭᠤ ᠲᠣᠬᠢᠶᠠᠯᠳᠤᠳᠠᠭ ᠨᠢᠭᠡ ᠠᠰᠠᠭᠤᠳᠠᠯ ᠪᠣᠯᠤᠨ᠎ᠠ᠃      ᠪᠡᠭᠡᠵᠢᠩ ᠤᠨ ᠭᠤᠷᠪᠠᠳᠤᠭᠠᠷ ᠲᠣᠭᠤᠷᠢᠯ ᠵᠠᠮ ᠤᠨ ᠬᠤᠶᠢᠲᠤ ᠲᠠᠯ᠎ᠠ ᠶᠢᠨ ᠨᠢᠭᠡᠨ ᠬᠠᠭᠤᠴᠢᠨ ᠲᠣᠭᠤᠷᠢᠭ ᠲᠤ ᠴᠠᠬᠢᠯᠭᠠᠨ ᠱᠠᠲᠤ ᠵᠠᠰᠠᠵᠤ ᠰᠡᠯᠪᠢᠬᠦ ᠬᠦᠴᠢᠷ ᠠᠰᠠᠭᠤᠳᠠᠯ ᠨᠢ ᠣᠯᠠᠨ ᠰᠠᠭᠤᠭᠠᠯᠢ ᠠᠷᠠᠳ ᠤᠨ ᠠᠰᠠᠷ ᠲᠠᠢ ᠬᠤᠯᠪᠣᠭᠳᠠᠵᠠᠶ᠃ ᠣᠶᠢᠷ᠎ᠠ ᠶᠢᠨ ᠬᠡᠳᠦᠨ ᠵᠢᠯ ᠳᠤ᠂ ᠬᠠᠷᠢᠶ᠎ᠠ ᠭᠠᠵᠠᠷ ᠤᠨ ᠰᠢ ᠴᠧᠩ ᠲᠣᠭᠤᠷᠢᠭ ᠤᠨ ᠳ᠋ᠧ ᠱᠧᠩ ᠵᠡᠭᠡᠯᠢ ᠭᠤᠳᠤᠮᠵᠢ ᠶᠢᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠰᠠᠭᠤᠭᠠᠯᠢ ᠲᠣᠭᠤᠷᠢᠭ ᠤᠨ ᠣᠯᠠᠩᠬᠢ ᠰᠠᠭᠤᠭᠠᠯᠢ ᠠᠷᠠᠳ ᠤᠨ ᠠᠰᠠᠷ ᠤᠨ ᠴᠠᠬᠢᠯᠭᠠᠨ ᠱᠠᠲᠤ ᠶᠢ ᠨᠢᠭᠡᠨᠲᠡ ᠰᠣᠯᠢᠵᠤ ᠰᠡᠯᠪᠢᠨ ᠵᠠᠰᠠᠭᠰᠠᠨ ᠪᠤᠶᠤ ᠲᠣᠳᠣᠷᠬᠠᠶ ᠲᠥᠯᠥᠪᠯᠡᠭᠡ ᠲᠠᠢ ᠪᠣᠯᠵᠣ᠂ ᠵᠥᠪᠬᠡᠨ ᠨᠢᠭᠡ ᠯᠡ ᠠᠰᠠᠷ ᠤᠨ ᠠᠵᠢᠯ ᠳᠤ ᠮᠥᠨ ᠬᠦ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠲᠤᠰ ᠠᠰᠠᠷ ᠤᠨ ᠥᠮᠴᠢᠯᠡᠬᠦ ᠡᠷᠬᠡ ᠶᠢᠨ ᠬᠠᠷᠢᠴᠠᠭᠠᠨ ᠤ 90% ᠨᠢ ᠴᠥᠮ ᠠᠳᠠᠯᠢ ᠨᠢᠭᠡᠨ ᠥᠮᠴᠢᠯᠡᠬᠦ ᠡᠷᠬᠡ ᠲᠠᠢ  ᠨᠢᠭᠡᠴᠢ‌ᠡᠴᠠ ᠡᠭᠦᠳᠦᠭᠰᠡᠨ ᠤ ᠬᠠᠮᠲᠤ᠂ ᠴᠠᠬᠢᠯᠭᠠᠨ ᠱᠠᠲᠤ ᠶᠢ ᠰᠣᠯᠢᠵᠤ ᠵᠠᠰᠠᠭᠠᠳ᠂ ᠥᠮᠴᠢᠯᠡᠬᠦ ᠡᠷᠬᠡ ᠲᠠᠢ ᠨᠢᠭᠡᠴᠢ ᠳᠤ ᠬᠦᠴᠦᠲᠡᠶ ᠳᠡᠮᠵᠢᠯᠭᠡ ᠦᠵᠡᠭᠦᠯᠪᠡ᠃ ᠭᠡᠪᠡᠴᠦ ᠬᠦᠴᠢᠷ ᠰᠡᠳᠦᠪ ᠭᠡᠪᠡᠯ᠂ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠦᠨᠳᠦᠰᠦᠯᠡᠪᠡᠯ᠂ ᠬᠢᠨᠠᠨ ᠲᠣᠭᠲᠠᠭᠠᠬᠤ ᠪᠠᠶᠢᠭᠤᠯᠤᠯᠭ᠎ᠠ ᠠᠴᠠ ᠴᠠᠬᠢᠯᠭᠠᠨ ᠱᠠᠲᠤ ᠶᠢᠨ ᠶᠡᠭᠡ ᠵᠠᠰᠠᠯᠲᠠ ᠬᠢᠬᠦ ᠶᠢ ᠰᠠᠨᠠᠭᠤᠯᠤᠭᠰᠠᠨ ᠪᠣᠯᠪᠠᠴᠤ ᠰᠠᠭᠤᠭᠠᠯᠢ ᠠᠷᠠᠳ ᠴᠠᠬᠢᠯᠭᠠᠨ ᠱᠠᠲᠤ ᠶᠢ ᠰᠣᠯᠢᠬᠤ ᠬᠡᠷᠡᠭᠲᠡᠶ ᠭᠡᠵᠦ ᠦᠵᠡᠵᠦ ᠪᠠᠶᠢᠨ᠎ᠠ᠃ ᠣᠶᠢᠯᠠᠭᠠᠭᠰᠠᠨ ᠢᠶᠠᠷ᠂ ᠬᠠᠷᠢᠶ᠎ᠠ ᠭᠠᠵᠠᠷ ᠤᠨ ᠬᠢᠨ ᠶᠠᠭ ᠰᠠᠭᠤᠭᠠᠯᠢ ᠠᠷᠠᠳ ᠤᠨ ᠬᠡᠷᠡᠭ ᠵᠥᠪᠯᠡᠬᠦ ᠪᠠᠷ ᠳᠠᠮᠵᠢᠭᠤᠯᠤᠨ ᠣᠯᠠᠨ ᠤ ᠡᠷᠡᠭᠡᠯᠵᠡᠯ ᠵᠢᠴᠢ ᠴᠠᠬᠢᠯᠭᠠᠨ ᠱᠠᠲᠤ ᠶᠢ ᠰᠣᠯᠢᠵᠤ ᠵᠠᠰᠠᠬᠤ ᠶᠠᠪᠤᠳᠠᠯ ᠳᠤ ᠣᠷᠣᠰᠢᠵᠤ ᠪᠠᠶᠢᠭ᠎ᠠ ᠠᠳᠡᠭᠦᠷᠡᠯ ᠢ ᠠᠭᠠᠵᠢᠮ ᠢᠶᠠᠷ ᠠᠷᠢᠯᠭᠠᠵᠤ ᠪᠠᠶᠢᠨ᠎ᠠ᠃        ᠰᠦᠩ ᠶᠧ ᠹᠧᠩ ᠬᠡᠯᠡᠬᠦ ᠳᠡᠭᠡᠨ᠂ ᠰᠠᠭᠤᠭᠠᠯᠢ ᠠᠷᠠᠳ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ ᠬᠡᠲᠦᠷᠬᠡᠢ ᠴᠢᠩᠭᠠᠳᠬᠠᠬᠤ ᠬᠡᠷᠡᠭ ᠦᠭᠡᠢ᠂ ᠵᠢᠱᠢᠶᠡᠯᠡᠪᠡᠯ ᠬᠢᠨᠠᠨ ᠲᠣᠭᠲᠠᠭᠠᠬᠤ ᠨᠢᠭᠡᠴᠢ ᠶᠢᠨ ᠥᠭᠭᠦᠭᠰᠡᠨ ᠦᠷ᠎ᠡ ᠳ᠋ᠦᠩ ᠪᠣᠯ ᠶᠡᠭᠡ ᠵᠠᠰᠠᠯᠲᠠ ᠪᠣᠯᠣᠨ᠎ᠠ᠂ ᠡᠭᠦᠨ ᠢ ᠰᠠᠨᠠᠭᠤᠯᠤᠭᠰᠠᠨ ᠪᠢᠰᠢ᠂ ᠬᠠᠷᠢᠨ ᠡᠷᠬᠡᠪᠰᠢ ︽ᠵᠣᠷ ᠢᠶᠠᠷ ᠡᠮ ᠪᠠᠷᠢᠬᠤ︾ ᠭᠡᠰᠡᠨ ᠦᠭᠡ ᠪᠢᠰᠢ᠂ ᠡᠨᠡᠬᠦ ᠦᠷ᠎ᠡ ᠳ᠋ᠦᠩ ᠳᠤ ᠵᠥᠪᠬᠡᠨ ᠴᠠᠬᠢᠯᠭᠠᠨ ᠱᠠᠲᠤ ᠡᠯᠡᠭᠳᠡᠨ᠎ᠡ᠃ ᠴᠣᠬᠤᠮ ᠰᠣᠯᠢᠬᠤ ᠶᠤᠮ ᠤᠤ᠂ ᠶᠡᠭᠡ ᠵᠠᠰᠠᠯᠲᠠ ᠬᠢᠬᠦ ᠶᠤᠮ ᠤᠤ᠂ ᠲᠣᠭᠲᠠᠭᠠᠬᠤ ᠡᠷᠬᠡ ᠨᠢ ᠥᠷᠭᠡᠨ ᠣᠯᠠᠨ ᠥᠮᠴᠢᠲᠡᠨ ᠳᠤ ᠪᠠᠶᠢᠬᠤ ᠶᠤᠮ ᠤᠤ︖      ᠰᠠᠨᠠᠭᠤᠯᠤᠮᠵᠢ᠄ ᠬᠠᠭᠤᠴᠢᠨ ᠴᠠᠬᠢᠯᠭᠠᠨ ᠱᠠᠲᠤ ᠶᠢ ᠰᠤᠯᠢᠬᠤ ᠵᠠᠰᠠᠬᠤ ᠳᠤ ᠡᠷᠲᠡᠬᠡᠨ ᠪᠡᠯᠡᠳᠬᠡᠯ ᠬᠢᠬᠦ ᠴᠢᠬᠤᠯᠠᠳᠠᠢ      ᠴᠠᠬᠢᠯᠭᠠᠨ ᠱᠠᠲᠤ ᠶᠢ ᠰᠣᠯᠢᠵᠤ ᠵᠠᠰᠠᠬᠤ ᠶᠠᠪᠤᠴᠠ ᠳᠤ ᠪᠢᠳᠡ ᠡᠯ᠎ᠡ ᠬᠠᠮᠢᠶ᠎ᠠ ᠪᠦᠬᠦᠢ ᠵᠡᠭᠡᠯᠢ ᠭᠤᠳᠤᠮᠵᠢ᠂ ᠪᠡᠭᠡᠵᠢᠩ ᠬᠤᠲᠠ ᠶᠢᠨ ᠴᠠᠬᠢᠯᠭᠠᠨ ᠱᠠᠳᠦ ᠵᠢᠨ‌ᠬᠤᠳᠠᠯᠳᠤᠭᠠᠴᠢᠳ ᠤᠨ ᠡᠪᠯᠡᠯ ᠲᠠᠢ ᠬᠠᠮᠲᠤᠪᠠᠷ ᠰᠢᠢᠳᠪᠦᠷᠢᠯᠡᠬᠦ ᠠᠷᠭ᠎ᠠ ᠶᠢ ᠡᠷᠢᠯᠬᠢᠯᠡᠪᠡ᠃ ᠴᠠᠬᠢᠯᠭᠠᠨ ᠱᠠᠲᠤ ᠶᠢᠨ ᠠᠵᠢᠯ ᠲᠥᠷᠥᠯ ᠤᠨ ᠳᠣᠲᠣᠭᠠᠳᠤ ᠳᠤ᠂ ᠬᠡᠷᠡᠭᠯᠡᠬᠦ ᠴᠠᠭ ᠨᠢ 15 ᠵᠢᠯ ᠬᠡᠲᠦᠷᠡᠭᠰᠡᠨ ᠴᠠᠬᠢᠯᠭᠠᠨ ᠱᠠᠲᠤ ᠶᠢ ᠬᠠᠭᠤᠴᠢᠨ ᠴᠠᠬᠢᠯᠭᠠᠨ ᠱᠠᠲᠤ ᠭᠡᠵᠦ ᠲᠣᠳᠣᠷᠬᠠᠢᠯᠠᠭᠰᠠᠨ ᠪᠠᠶᠢᠨ᠎ᠠ᠂ ᠡᠨᠡ ᠬᠦ ᠰᠠᠭᠤᠷᠢᠨ ᠳᠡᠭᠡᠷ᠎ᠡ᠂ ᠡᠯ᠎ᠡ ᠲᠠᠯ᠎ᠠ ᠶᠢᠨ ᠬᠢᠨ ᠲᠤᠷᠰᠢᠯᠭ᠎ᠠ ᠪᠠᠨ ᠳ᠋ᠦᠩᠨᠡᠵᠦ᠂ ᠰᠠᠭᠤᠭᠠᠯᠢ ᠠᠷᠠᠳ ᠤᠨ ᠠᠰᠠᠷ ᠤᠨ ᠴᠠᠬᠢᠯᠭᠠᠨ ᠱᠠᠲᠤ ᠶᠢ ᠬᠡᠷᠡᠭᠯᠡᠭᠡᠳ 15 ᠵᠢᠯ ᠬᠡᠲᠦᠷᠡᠭᠰᠡᠨ ᠦᠶ᠎ᠡ ᠳᠤ᠂ ᠴᠠᠬᠢᠯᠭᠠᠨ ᠱᠠᠲᠤ ᠶᠢ ᠰᠣᠯᠢᠵᠤ ᠵᠠᠰᠠᠬᠤ ᠪᠡᠯᠡᠳᠭᠡᠯ ᠠᠵᠢᠯ ᠢ ᠡᠬᠢᠯᠡᠭᠦᠯᠦᠨ᠎ᠡ᠂ ᠰᠠᠭᠤᠭᠠᠯᠢ ᠠᠷᠠᠳ ᠤᠨ ᠭᠡᠨᠡᠳᠲᠡ ᠬᠠᠮᠢᠶ᠎ᠠ ᠪᠦᠬᠦᠢ ᠬᠦᠰᠡᠯ ᠱᠠᠭᠠᠷᠳᠠᠯᠭ᠎ᠠ ᠳᠤᠷᠠᠳᠬᠤ ᠳᠤ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠠᠵᠤ ᠠᠬᠤᠶᠢᠯᠠᠯ ᠠᠷᠭ᠎ᠠ ᠬᠡᠮᠵᠢᠶ᠎ᠡ ᠴᠠᠭ ᠪᠠᠴᠢᠮ ᠪᠤᠯᠤᠨ᠎ᠠ᠃      ᠴᠠᠬᠢᠯᠭᠠᠨ ᠱᠠᠲᠤ ᠶᠢ ᠰᠣᠯᠢᠵᠤ ᠵᠠᠰᠠᠬᠤ ᠶᠠᠪᠤᠴᠠ ᠳᠤ᠂ ︽ᠣᠷᠣᠨ ᠰᠠᠭᠤᠴᠠ ᠶᠢᠨ ᠥᠭᠡᠷᠡᠴᠢᠯᠡᠯᠲᠡ ︾ ᠶᠢᠨ ᠰᠠᠭᠤᠭᠠᠯᠢ ᠠᠷᠠᠳ ᠤᠨ ᠲᠣᠭᠤᠷᠢᠭ ᠤᠨ ᠥᠮᠴᠢᠯᠡᠬᠦ ᠡᠷᠬᠡ ᠶᠢᠨ ᠬᠠᠷᠢᠴᠠᠭ᠎ᠠ ᠶᠢ ᠡᠮᠬᠢᠯᠡᠬᠦ ᠳᠤ ᠬᠦᠴᠢᠷᠲᠡᠶ ᠪᠠᠶᠢᠬᠤ  ᠨᠢ ᠨᠡᠶᠢᠳᠡᠮ ᠬᠦᠴᠢᠷ ᠠᠰᠠᠭᠤᠳᠠᠯ ᠮᠥᠨ᠂ ᠡᠨᠡ ᠬᠦ ᠠᠵᠢᠯ ᠨᠢ ᠪᠤᠳᠤᠯᠢᠶᠠᠨᠲᠠᠶ ᠮᠥᠷᠲᠡᠭᠡᠨ ᠴᠠᠭ ᠨᠢ ᠮᠠᠰᠢ ᠣᠷᠳᠣ ᠪᠠᠶᠢᠨ᠎ᠠ᠃ ᠡᠯ᠎ᠡ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢᠨ ᠠᠵᠤ ᠠᠬᠤᠶᠢᠯᠠᠯ ᠨᠢ ᠰᠠᠭᠤᠭᠠᠯᠢ ᠠᠷᠠᠳ ᠤᠨ ᠠᠰᠠᠷ ᠤᠨ ᠴᠠᠬᠢᠯᠭᠠᠨ ᠱᠠᠲᠤ ᠶᠢᠨ ᠬᠡᠷᠡᠭᠯᠡᠭᠰᠡᠨ ᠴᠠᠭ ᠨᠢ 15 ᠵᠢᠯ ᠢ ᠬᠡᠲᠦᠷᠡᠭᠰᠡᠨ ᠦᠶ᠎ᠡ ᠳᠤ᠂ ᠥᠮᠴᠢᠯᠡᠬᠦ ᠡᠷᠬᠡ ᠶᠢᠨ ᠬᠠᠷᠢᠴᠠᠭ᠎ᠠ ᠶᠢ ᠡᠮᠬᠢᠯᠡᠨ ᠲᠢᠭᠯᠡᠬᠦ ᠬᠡᠷᠡᠭᠲᠡᠶ᠃      ᠠᠷᠠᠳ ᠤᠨ ᠰᠠᠨᠠᠭ᠎ᠠ ᠶᠢ ᠨᠢᠭᠡᠳᠬᠡᠬᠦ ᠲᠠᠯ᠎ᠠ ᠪᠠᠷ᠂ ᠪᠡᠭᠡᠵᠢᠩ ᠬᠤᠲᠠ ᠶᠢᠨ ᠴᠠᠬᠢᠯᠭᠠᠨ ᠱᠠᠲᠤ ᠶᠢᠨ ᠬᠤᠳᠠᠯᠳᠤᠭᠠᠴᠢᠳ ᠤᠨ ᠡᠪᠯᠡᠯ ᠠᠴᠠ ᠬᠠᠮᠢᠶ᠎ᠠ ᠪᠦᠬᠦᠢ ᠡᠯ᠎ᠡ ᠡᠳᠦᠭᠡᠳ ᠲᠤ᠂ ᠰᠠᠭᠤᠭᠠᠯᠢ ᠠᠷᠠᠳ ᠲᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠣᠯᠠᠨ ᠲᠦᠮᠡᠨ ᠤ ᠴᠠᠬᠢᠯᠭᠠᠨ ᠱᠠᠳᠦ ᠰᠠᠭᠠᠳ ᠭᠠᠷᠬᠤ ᠦᠶ᠎ᠡ ᠳᠤ ᠬᠡᠲᠦᠷᠬᠡᠢ ᠠᠶᠤᠵᠤ ᠰᠠᠨᠳᠤᠷᠬᠤ ᠰᠡᠳᠬᠢᠴᠡ ᠶᠢ ᠦᠭᠡᠶᠢᠰᠬᠡᠨ᠎ᠡ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠨᠢ ᠬᠠᠭᠤᠴᠢᠨ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠶᠢ ᠴᠢᠩᠭᠠᠳᠬᠠᠨ᠎ᠠ᠂ ᠢᠯᠠᠩᠭᠤᠶ᠎ᠠ ᠨᠠᠰᠤᠲᠠᠶᠢᠴᠤᠳ ᠣᠯᠠᠨ᠂ ᠴᠠᠬᠢᠯᠭᠠᠨ ᠱᠠᠳᠦ ᠶᠢᠨ ᠲᠤᠳᠤᠷ᠎ᠠ ᠭᠠᠷ ᠤᠲᠠᠰᠤᠨ ᠤ ᠳᠣᠬᠢᠶ᠎ᠠ ᠪᠠᠷ ᠰᠠᠶᠢᠨ ᠪᠢᠰᠢ ᠴᠠᠬᠢᠯᠭᠠᠨ ᠱᠠᠲᠤ ᠳᠤ ᠲᠤᠰᠠᠯᠠᠮᠵᠢ ᠭᠤᠶᠤᠴᠢᠯᠠᠬᠤ ᠤᠳᠠᠰᠤ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ ᠭᠡᠵᠤ ᠰᠠᠨᠠᠭᠤᠯᠵᠠᠢ᠃      ᠴᠠᠬᠢᠯᠭᠠᠨ ᠱᠠᠲᠤ ᠶᠢ ᠰᠣᠯᠢᠬᠤ ᠪᠤᠶᠤ ᠵᠠᠰᠠᠬᠤ ᠲᠤᠬᠠᠶ᠂ ᠨᠡᠶᠢᠭᠡᠮ ᠲᠣᠭᠤᠷᠢᠭ᠂ ᠠᠳᠠᠯ ᠠᠬᠤᠶ ᠨᠢ ᠡᠩ ᠲᠡᠷᠢᠭᠦᠨ ᠳᠤ ᠲᠤᠰᠬᠠᠶ ᠪᠠᠶᠢᠭᠤᠯᠤᠮᠵᠢ ᠶᠢᠨ ᠬᠢᠨᠠᠨ ᠲᠣᠭᠲᠠᠭᠠᠯᠲᠠ ᠪᠠᠷ ᠳᠠᠮᠵᠢᠨ᠂ ᠰᠠᠭᠤᠭᠠᠯᠢ ᠠᠷᠠᠳ ᠲᠠᠢ ᠵᠥᠪᠳᠡᠯᠴᠡᠬᠦ᠂ ᠥᠮᠴᠢᠲᠡᠨ ᠤ ᠶᠡᠭᠡ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠴᠠᠬᠢᠯᠭᠠᠨ ᠱᠠᠲᠤ ᠶᠢ ᠰᠣᠯᠢᠵᠤ ᠵᠠᠰᠠᠬᠤ ᠲᠥᠰᠦᠯ ᠢ ᠠᠮᠤᠷ ᠲᠦᠪᠰᠢᠨ ᠠᠵᠢᠯᠯᠠᠭᠠᠨ ᠢ ᠪᠠᠲᠤᠯᠠᠭᠰᠠᠨ ᠤᠷᠢᠲᠠᠯ ᠳᠣᠤᠷ᠎ᠠ ᠠᠯᠢ ᠴᠢᠳᠠᠬᠤ ᠪᠠᠷ ᠴᠠᠭ ᠬᠤᠭᠤᠴᠠᠭ᠎ᠠ᠂ ᠪᠡᠯᠡ ᠮᠥᠩᠭᠦ ᠶᠢᠨ ᠥᠪᠡᠷ ᠤᠨ ᠥᠷᠲᠡᠭ ᠢ ᠠᠷᠪᠢᠯᠠᠬᠤ ᠬᠡᠷᠡᠭᠲᠡᠶ᠃     ᠢᠷᠡᠯᠳᠡ᠄ ᠪᠡᠭᠡᠵᠢᠩ ᠤᠨ ᠤᠷᠤᠢ ᠶᠢᠨ ᠰᠤᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1