ᠠᠮᠤᠷ ᠲᠦᠪᠰᠢᠨ ᠣᠷᠣᠨ ᠰᠠᠭᠤᠴᠠ ᠲᠠᠢ ᠪᠠᠶᠢᠬᠤ ᠪᠣᠯ ᠠᠷᠠᠳ ᠲᠦᠮᠡᠨ ᠤ ᠵᠣᠯ ᠵᠢᠷᠭᠠᠯ ᠤᠨ ᠴᠢᠬᠤᠯᠠ | ᠠᠭᠤᠯᠤᠭᠳᠠᠬᠤᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠪᠠᠰᠤ ᠵᠣᠬᠢᠬᠤ | ᠠᠭᠤᠯᠭ᠎ᠠ ᠮᠥᠨ᠃ ᠣᠶᠢᠷ᠎ᠠ ᠳᠤ᠂ ︽ᠪᠡᠭᠡᠵᠢᠩ ᠬᠤᠲᠠ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ | ᠲᠦᠷᠢᠮ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠲᠦᠷᠢᠶᠡᠰᠦᠯᠡᠯ ᠤᠨ | ᠪᠠᠷᠢᠴᠠᠭᠠᠨ ᠤ ᠮᠥᠩᠭᠦ ᠶᠢ ᠨᠠᠶᠢᠳᠠᠨ ᠬᠠᠮᠢᠶᠠᠷᠤᠭᠤᠯᠬᠤ᠂ ᠲᠦᠷᠢᠶᠡᠰᠦᠨ ᠮᠥᠩᠭᠦ ᠶᠢᠨ ᠬᠢᠨᠠᠨ ᠬᠠᠮᠢᠶᠠᠷᠤᠯᠳᠠ ᠶᠢᠨ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠵᠥᠪᠯᠡᠯ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠪᠡᠭᠡᠵᠢᠩ | ᠬᠤᠲᠠ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠪᠠᠷᠢᠴᠠᠭᠠᠨ ᠤ ᠮᠥᠩᠭᠦ ᠶᠢ ᠨᠠᠶᠢᠳᠠᠨ ᠬᠠᠮᠢᠶᠠᠷᠤᠭᠤᠯᠬᠤ ᠪᠠ | ᠲᠦᠷᠢᠶᠡᠰᠦᠨ ᠮᠥᠩᠭᠦ ᠶᠢᠨ ᠬᠢᠨᠠᠨ ᠬᠠᠮᠢᠶᠠᠷᠤᠯᠳᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠶᠢ ᠰᠤᠳᠤᠯᠤᠨ ᠲᠣᠭᠲᠠᠭᠠᠪᠠ᠃ ︽ᠠᠷᠭ᠎ᠠ︾ ᠨᠢ ᠨᠡᠶᠢᠲᠡ ᠲᠠᠪᠤᠨ ᠪᠦᠯᠦᠭ ᠬᠤᠷᠢᠨ | ᠬᠤᠶᠠᠷ ᠵᠦᠢᠯ ᠪᠠᠶᠢᠵᠤ᠂ ᠭᠤᠤᠯᠳᠠᠭᠤ ᠪᠡᠭᠡᠵᠢᠩ ᠬᠤᠲᠠ ᠶᠢᠨ ᠬᠡᠪᠴᠢᠶᠡᠨ ᠳᠣᠲᠣᠷ᠎ᠠ ᠪᠤᠰᠤᠳ ᠬᠦᠮᠦᠨ ᠤ ᠣᠷᠣᠨ | ᠰᠠᠭᠤᠴᠠ ᠶᠢ ᠲᠦᠷᠢᠶᠡᠰᠦᠯᠡᠵᠦ ᠲᠠᠮᠵᠢᠭᠤᠯᠤᠨ ᠲᠦᠷᠢᠶᠡᠰᠦᠯᠡᠭᠦᠯᠬᠦ ᠠᠵᠢᠯ ᠢ ᠡᠷᠭᠢᠯᠡᠵᠦ ᠪᠠᠶᠢᠭ᠎ᠠ ᠣᠷᠣᠨ | ᠰᠠᠭᠤᠴᠠ ᠶᠢᠨ ᠲᠦᠷᠢᠶᠡᠰᠦᠯᠡᠯ ᠤᠨ ᠠᠵᠤ ᠠᠬᠤᠶᠢᠯᠠᠯ ᠳᠤ᠂ ᠲᠦᠷᠢᠶᠡᠰᠦᠨ ᠮᠥᠩᠭᠦ ᠪᠠ ᠪᠠᠷᠢᠴᠠᠭᠠᠨ ᠤ ᠮᠥᠩᠭᠦ ᠶᠢᠨ | ᠬᠠᠳᠠᠭᠠᠯᠠᠬᠤ ᠪᠤᠴᠠᠭᠠᠬᠤ ᠪᠥᠬᠦ ᠶᠠᠪᠤᠴᠠ ᠳᠤ ᠨᠠᠷᠢᠨ ᠲᠣᠭᠲᠠᠭᠠᠯ ᠭᠠᠷᠭᠠᠪᠠ᠃ ︽ᠠᠷᠭ᠎ᠠ︾ ᠨᠢ ᠪᠡᠭᠡᠵᠢᠩ ᠤᠨ | ᠰᠢᠨ᠎ᠡ ᠬᠥᠭᠵᠢᠯᠲᠡ ᠶᠢᠨ ᠱᠠᠲᠤᠨ ᠳᠤ ᠲᠦᠷᠢᠶᠡᠰᠦᠯᠡᠬᠦ ᠪᠠ ᠬᠤᠳᠠᠯᠳᠤᠨ ᠠᠪᠬᠤ ᠲᠦᠷᠢᠮ ᠢ ᠦᠷᠭᠦᠯᠵᠢᠯᠡᠨ | ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠥᠬᠡᠶ᠂ ᠪᠠᠰᠠ ᠪᠥᠬᠦ ᠤᠯᠤᠰ ᠤᠨ ᠪᠤᠰᠤᠳ | ᠬᠤᠲᠠ ᠶᠢᠨ ᠣᠷᠣᠨ ᠰᠠᠭᠤᠴᠠ ᠶᠢᠨ ᠳᠦᠷᠢᠶᠡᠰᠦᠯᠡᠯ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠳᠤ ᠵᠢᠱᠢᠶ᠎ᠡ ᠦᠵᠡᠭᠦᠯᠬᠦ ᠥᠯᠢᠭᠡᠷ ᠬᠡᠪ ᠬᠠᠩᠭᠠᠭᠰᠠᠨ ᠪᠠᠶᠢᠨ᠎ᠠ᠃ | ᠣᠷᠣᠨ ᠰᠠᠭᠤᠴᠠ ᠶᠢᠨ ᠲᠦᠷᠢᠶᠡᠰᠦᠯᠡᠯ ᠤᠨ ᠪᠠᠷᠢᠴᠠᠭᠠᠨ ᠤ ᠮᠥᠩᠭᠦ ᠶᠢᠨ ᠬᠠᠮᠢᠶᠠᠷᠤᠯᠲᠠ ᠶᠢ | ᠵᠢᠷᠤᠮᠵᠢᠭᠤᠯᠬᠤ ᠨᠢ ᠠᠷᠠᠳ ᠤᠨ ᠬᠦᠰᠡᠯ᠂ ᠵᠠᠰᠠᠭ ᠪᠠᠷᠢᠬᠤ ᠬᠠᠨᠳᠤᠰᠢ ᠪᠣᠯᠤᠨ᠎ᠠ᠃ ᠳᠣᠯᠣᠳᠤᠭᠠᠷ ᠤᠳᠠᠭᠠᠨ ᠤ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ 2020 | ᠣᠨ ᠳᠤ ᠮᠠᠨ ᠤ ᠤᠯᠤᠰ ᠤᠨ ᠰᠢᠯᠵᠢᠮᠡᠯ ᠬᠥᠮᠦᠨ ᠠᠮᠠ 3.76 ᠳ᠋ᠦᠩᠰᠢᠭᠤᠷ ᠬᠥᠮᠦᠨ ᠪᠠᠶᠢᠵᠤ᠂ ᠣᠯᠠᠩᠬᠢ | ᠰᠢᠯᠵᠢᠮᠡᠯ ᠬᠥᠮᠦᠨ ᠠᠮᠠ ᠨᠢ ᠲᠦᠷᠢᠶᠡᠰᠦᠯᠡᠬᠦ ᠪᠠᠷ ᠳᠠᠮᠵᠢᠭᠤᠯᠤᠨ ᠣᠷᠣᠨ ᠰᠠᠭᠤᠴᠠ ᠶᠢᠨ ᠬᠡᠷᠡᠭᠴᠡᠭᠡ ᠪᠠᠨ | ᠰᠢᠢᠳᠪᠦᠷᠢᠯᠡᠬᠦ ᠴᠢᠬᠤᠯᠠᠲᠠᠶ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠣᠷᠴᠢᠨ ᠲᠣᠭᠤᠷᠢᠨ ᠢ ᠲᠤᠭᠳᠠᠭᠤᠨ | ᠪᠠᠶᠢᠯᠭᠠᠬᠤ ᠨᠢ ᠲᠦᠷᠢᠶᠡᠰᠦᠯᠡᠭᠴᠢ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ | ᠲᠦᠪᠰᠢᠨ ᠤ ᠲᠥᠷᠥᠭᠳᠡᠯ ᠲᠠᠢ ᠰᠢᠭᠤᠳ ᠬᠤᠯᠪᠤᠭᠳᠠᠨ᠎ᠠ᠃ ᠬᠠᠮᠢᠶ᠎ᠠ ᠪᠦᠬᠦᠢ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠪᠠᠷᠢᠴᠠᠭᠠᠨ ᠤ ᠮᠦᠩᠭᠦ ᠶᠢᠨ | ᠵᠢᠭᠤᠷᠠᠯᠳᠤᠭᠠᠨ ᠨᠢ ᠣᠷᠣᠨ ᠰᠠᠭᠤᠴᠠ ᠶᠢᠨ ᠲᠦᠷᠢᠶᠡᠰᠦᠯᠡᠯ ᠤᠨ ᠵᠢᠭᠤᠷᠠᠯᠳᠤᠭᠠᠨ ᠤ ᠲᠤᠳᠤᠷ᠎ᠠ ᠳᠣᠯᠣᠭᠠᠨ | ᠬᠤᠪᠢ ᠶᠢ ᠡᠵᠡᠯᠡᠵᠦ ᠪᠠᠶᠢᠨ᠎ᠠ᠃ ︽ᠠᠷᠭ᠎ᠠ︾ ᠶᠢᠨ ᠨᠡᠶᠢᠲᠡᠯᠡᠭᠳᠡᠭᠰᠡᠨ ᠨᠢ ᠡᠨᠡᠬᠦ ᠬᠦᠴᠢᠷ ᠠᠰᠠᠭᠤᠳᠠᠯ ᠢ | ᠰᠢᠢᠳᠪᠦᠷᠢᠯᠡᠬᠦ ᠳᠤ ᠠᠰᠢᠭᠲᠠᠢ ᠶᠤᠮ᠃ ᠨᠢᠭᠡ ᠲᠠᠯ᠎ᠠ ᠪᠠᠷ᠂ ᠪᠠᠷᠢᠴᠠᠭᠠᠨ ᠤ ᠮᠥᠩᠭᠦ᠂ ᠲᠦᠷᠢᠶᠡᠰᠦᠨ ᠮᠥᠩᠭᠦ ᠶᠢ | ᠬᠢᠨᠠᠨ ᠬᠠᠮᠢᠶᠠᠷᠤᠯᠳᠠ ᠶᠢᠨ ᠰᠢᠰᠲ᠋ᠧᠮ ᠳᠤ ᠣᠷᠣᠭᠤᠯᠵᠤ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠣᠷᠣᠨ ᠰᠠᠭᠤᠴᠠ ᠶᠢᠨ | ᠲᠦᠷᠢᠶᠡᠰᠦᠯᠡᠯ ᠤᠨ ᠪᠠᠷᠢᠴᠠᠭᠠᠨ ᠤ ᠮᠥᠩᠭᠦ ᠂ ᠲᠦᠷᠢᠶᠡᠰᠦᠨ ᠮᠥᠩᠭᠦ ᠶᠢᠨ ᠠᠮᠤᠷ ᠲᠦᠪᠰᠢᠨ ᠢ ᠪᠠᠲᠤᠯᠠᠵᠤ᠂ | ᠲᠦᠷᠢᠶᠡᠰᠦᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠨᠥᠭᠦᠭᠡ ᠲᠠᠯ᠎ᠠ ᠪᠠᠷ᠂ ᠣᠷᠣᠨ | ᠰᠠᠭᠤᠴᠠ ᠶᠢᠨ ᠲᠦᠷᠢᠶᠡᠰᠦᠯᠡᠯ ᠤᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠭᠤᠤᠯᠯᠠᠬᠤ ᠦᠢᠯᠡᠰ ᠤᠨ | ᠦᠢᠯᠡᠳᠬᠦᠨ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠤᠯᠴᠢ ᠦᠷᠢᠰᠦᠯᠳᠦᠬᠦ ᠬᠦᠴᠦᠨ ᠢ ᠪᠣᠢ ᠪᠣᠯᠭᠠᠨ᠂ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ | ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠪᠥᠬᠦ ᠶᠠᠪᠤᠴᠠ ᠳᠤ᠂ ᠠᠮᠤᠷ ᠲᠦᠪᠰᠢᠨ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠶᠢᠭᠤᠯᠤᠨ᠎ᠠ᠃ | ᠨᠢᠭᠡ ᠳᠤ᠂ ᠪᠡᠯᠡ ᠮᠥᠩᠭᠦ ᠶᠢ ᠬᠠᠳᠠᠭᠠᠯᠠᠬᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠠᠷᠭ᠎ᠠ︾ ᠳᠤ᠂ | ᠬᠤᠲᠠ ᠶᠢᠨ ᠪᠡᠯᠡ ᠮᠥᠩᠭᠦ ᠶᠢᠨ ᠲᠥᠪ ᠨᠢ ᠳᠠᠭᠠᠭᠠᠴᠢᠯᠠᠯᠲᠠ ᠣᠯᠣᠭᠰᠠᠨ ᠬᠤᠳᠠᠯᠳᠤᠭᠠᠨ ᠤ ᠪᠠᠩᠬᠢ ᠳᠤ ᠳᠠᠩᠰᠠ | ᠪᠠᠶᠢᠭᠤᠯᠵᠤ᠂ ᠪᠠᠷᠢᠴᠠᠭᠠᠨ ᠤ ᠮᠥᠩᠭᠦ ᠶᠢ ᠨᠠᠶᠢᠳᠠᠨ ᠬᠠᠮᠢᠶᠠᠷᠤᠭᠤᠯᠬᠤ ᠳᠤ ᠬᠡᠷᠡᠭᠯᠡᠨ᠎ᠡ ᠭᠡᠵᠦ ᠲᠣᠭᠲᠠᠭᠠᠪᠠ᠃ | ᠪᠠᠷᠢᠴᠠᠭᠠᠨ ᠤ ᠮᠥᠩᠭᠦ ᠪᠠᠨ ᠣᠷᠣᠨ ᠰᠠᠭᠤᠴᠠ ᠲᠦᠷᠢᠶᠡᠰᠦᠯᠡᠬᠦ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ | ᠪᠠᠷᠢᠴᠠᠭᠠᠨ ᠤ ᠮᠥᠩᠭᠦ ᠪᠠᠨ ᠨᠠᠶᠢᠳᠠᠨ ᠬᠠᠮᠢᠶᠠᠷᠤᠭᠤᠯᠬᠤ ᠪᠠᠩᠬᠢ ᠶᠢᠨ ᠲᠠᠩᠰᠠ ᠡᠷᠦᠬᠡ ᠳᠤ ᠤᠷᠤᠭᠤᠯᠤᠨ᠎ᠠ᠃ | ᠲᠦᠷᠢᠶᠡᠰᠦᠨ ᠮᠥᠩᠭᠦ ᠶᠢᠨ ᠲᠠᠯ᠎ᠠ ᠪᠠᠷ᠂ ᠬᠤᠲᠠ ᠶᠢᠨ ᠪᠠᠯᠠ ᠮᠥᠩᠭᠦ ᠶᠢᠨ ᠲᠥᠪ ᠨᠢ ᠳᠠᠭᠠᠭᠠᠴᠢᠯᠠᠯᠲᠠ ᠣᠯᠤᠭᠰᠠᠨ | ᠬᠤᠳᠠᠯᠳᠤᠭᠠᠨ ᠤ ᠪᠠᠩᠬᠢ ᠳᠤ ᠳᠠᠩᠰᠠᠨ ᠡᠷᠦᠬᠡ ᠪᠠᠶᠢᠭᠤᠯᠵᠤ᠂ ᠲᠦᠷᠢᠶᠡᠰᠦᠨ ᠮᠥᠩᠭᠦ ᠶᠢᠨ ᠬᠢᠨᠠᠯᠲᠠ | ᠬᠠᠮᠢᠶᠠᠷᠤᠯᠲᠠ ᠳᠤ ᠬᠡᠷᠡᠭᠯᠡᠨ᠎ᠡ᠂ ᠪᠠᠷᠢᠴᠠᠭᠠᠨ ᠤ ᠮᠥᠩᠭᠦ ᠶᠢᠨ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠨᠢᠭᠡᠨᠲᠡ | ᠪᠠᠶᠢᠭᠤᠯᠤᠭᠰᠠᠨ ᠪᠤᠯ ᠲᠤᠰ ᠲᠠᠩᠰᠠ ᠡᠪᠬᠢᠮᠡᠯ ᠢᠶᠠᠨ ᠬᠡᠷᠡᠭᠯᠡᠭᠰᠡᠨ ᠴᠦ ᠪᠣᠯᠤᠨ᠎ᠠ᠃ ᠨᠢᠭᠡ ᠯᠡ ᠤᠳᠠᠭ᠎ᠠ ᠳᠤ ᠠᠪᠬᠤ | ᠲᠦᠷᠢᠶᠡᠰᠦᠨ ᠮᠥᠩᠭᠦ ᠶᠢᠨ ᠲᠤᠭ᠎ᠠ ᠬᠡᠮᠵᠢᠶ᠎ᠡ ᠨᠢ 3 ᠰᠠᠷ᠎ᠠ ᠬᠡᠲᠦᠷᠡᠭᠰᠡᠨ ᠪᠠᠶᠢᠪᠠᠯ᠂ ᠲᠦᠷᠢᠶᠡᠰᠦᠨ ᠮᠥᠩᠭᠦ ᠶᠢ | ᠪᠣᠯᠵᠣᠨ ᠲᠣᠭᠲᠠᠭᠰᠠᠨ ᠶᠣᠰᠣᠭᠠᠷ ᠬᠢᠨᠠᠨ ᠬᠠᠮᠢᠶᠠᠷᠤᠯᠳᠠ ᠶᠢᠨ ᠲᠠᠩᠰᠠᠨ ᠡᠷᠦᠬᠡ ᠳᠤ ᠤᠷᠤᠭᠤᠯᠤᠨ᠎ᠠ᠂ 3 | ᠰᠠᠷ᠎ᠠ ᠶᠢᠨ ᠲᠦᠷᠢᠶᠡᠰᠦᠨ ᠮᠥᠩᠭᠦ ᠶᠢ 1 ᠡᠳᠦᠷ ᠤᠨ ᠳᠣᠲᠣᠷ᠎ᠠ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠤ | ᠠᠬᠤᠶᠢᠯᠠᠯ ᠤᠨ ᠲᠠᠩᠰᠠᠨ ᠡᠷᠦᠬᠡ ᠳᠤ ᠬᠤᠪᠢᠶᠠᠷᠢᠯᠠᠨ ᠥᠭᠴᠦ᠂ ᠪᠤᠰᠤᠳ ᠲᠦᠷᠢᠶᠡᠰᠦᠯᠡᠯ ᠤᠨ ᠮᠥᠩᠭᠦ ᠶᠢ | ᠰᠠᠷ᠎ᠠ ᠪᠠᠷ ᠬᠤᠪᠢᠶᠠᠷᠢᠯᠠᠨ ᠰᠢᠯᠵᠢᠭᠦᠯᠦᠨ᠎ᠡ᠃ ᠬᠤᠶᠠᠷ ᠲᠤ᠂ ᠪᠡᠯᠡ ᠮᠥᠩᠭᠦ ᠶᠢ ᠪᠤᠴᠠᠭᠠᠬᠤ ᠴᠤᠪᠤᠷᠠᠯ ᠢ | ᠲᠤᠳᠤᠷᠬᠠᠶᠢᠯᠠᠪᠠ᠃ ᠣᠷᠣᠨ ᠰᠠᠭᠤᠴᠠ ᠶᠢᠨ ᠳᠦᠷᠢᠶᠡᠰᠦᠯᠡᠯ ᠤᠨ ᠭᠡᠷ᠎ᠡ ᠶᠢᠨ ᠬᠤᠭᠤᠴᠠᠭ᠎ᠠ ᠨᠢ ᠳᠦᠭᠦᠷᠦᠭᠰᠡᠨ | ᠪᠣᠶᠣ ᠭᠡᠷ᠎ᠡ ᠶᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠣᠷᠣᠨ ᠰᠠᠭᠤᠴᠠ ᠶᠢᠨ ᠳᠦᠷᠢᠶᠡᠰᠦᠯᠡᠯ ᠤᠨ ᠠᠵᠤ | ᠠᠬᠤᠶᠢᠯᠠᠯ ᠨᠢ ᠳᠦᠷᠢᠶᠡᠰᠦᠯᠡᠭᠴᠢ ᠠᠴᠠ ᠣᠷᠣᠨ ᠰᠠᠭᠤᠴᠠ ᠪᠠᠨ ᠪᠤᠴᠠᠭᠠᠭᠰᠠᠨ ᠤ ᠳᠠᠷᠠᠭᠠᠬᠢ 3 ᠠᠵᠢᠯᠯᠠᠬᠤ | ᠡᠳᠦᠷ ᠤᠨ ᠳᠣᠲᠣᠷ᠎ᠠ ᠪᠠᠷᠢᠴᠠᠭᠠᠨ ᠤ ᠮᠦᠩᠭᠦ᠂ ᠳᠦᠷᠢᠶᠡᠰᠦᠨ ᠮᠦᠩᠭᠦ ᠶᠢ ᠪᠤᠴᠠᠭᠠᠬᠤ ᠰᠠᠨᠠᠯ ᠢᠶᠠᠨ ᠳᠤᠷᠠᠳᠴᠤ᠂ | ᠰᠠᠭᠤᠯᠭᠠᠨ ᠠᠪᠬᠤ ᠡᠰᠡᠬᠦ ᠵᠢᠴᠢ ᠰᠠᠭᠤᠯᠭᠠᠨ ᠠᠪᠬᠤ ᠭᠡᠵᠦ ᠪᠠᠶᠢᠭ᠎ᠠ ᠵᠠᠷᠤᠳᠠᠯ ᠤᠨ ᠨᠠᠷᠢᠨ ᠬᠠᠭᠤᠳᠠᠰᠤ ᠶᠢ | ᠲᠤᠳᠤᠷᠬᠠᠶᠢᠯᠠᠵᠦ ᠦᠭᠬᠦ ᠬᠡᠷᠡᠭᠲᠡᠢ᠃ ᠲᠦᠷᠢᠶᠡᠰᠦᠯᠡᠭᠴᠢ ᠨᠢ ᠪᠤᠴᠠᠭᠠᠬᠤ ᠰᠠᠨᠠᠯ ᠢ ᠵᠥᠪᠰᠢᠶᠡᠷᠡᠭᠰᠡᠨ ᠪᠠᠶᠢᠪᠠᠯ᠂ | ᠪᠠᠷᠢᠴᠠᠭᠠᠨ ᠤ ᠮᠥᠩᠭᠦ᠂ ᠲᠦᠷᠢᠶᠡᠰᠦᠨ ᠮᠥᠩᠭᠦ ᠶᠢ ᠪᠤᠴᠠᠭᠠᠬᠤ ᠰᠠᠨᠠᠯ ᠤᠨ ᠶᠣᠰᠣᠭᠠᠷ ᠪᠤᠴᠠᠭᠠᠨ᠎ᠠ︔ | ᠲᠦᠷᠢᠶᠡᠰᠦᠯᠡᠭᠴᠢ ᠨᠢ ᠵᠥᠪᠰᠢᠶᠡᠷᠡᠬᠦ ᠦᠭᠡᠢ ᠪᠣᠯ ᠵᠥᠪᠳᠡᠯᠴᠡᠬᠦ᠂ ᠡᠶᠡᠳᠡᠭᠦᠯᠬᠦ᠂ ᠵᠠᠷᠭᠤᠯᠳᠤᠬᠤ᠂ ᠬᠥᠨᠳᠡᠯᠡᠨ ᠠᠴᠠ | ᠲᠠᠰᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠨ᠎ᠡ᠃ | ᠤᠯᠠᠨ ᠭᠤᠣᠯ ᠴᠣᠭᠴᠠ ᠶᠢᠨ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ | ᠲᠤᠪᠤᠶᠢᠯᠭᠠᠨ᠎ᠠ᠃ ᠨᠢᠭᠡ ᠳᠤ᠂ ᠲᠦᠷᠢᠶᠡᠰᠦᠯᠡᠭᠴᠢ ᠳᠤ ᠪᠠᠶᠢᠴᠠᠭᠠᠨ ᠯᠠᠪᠯᠠᠬᠤ ᠠᠷᠭ᠎ᠠ ᠵᠠᠮ ᠬᠠᠩᠭᠠᠵᠤ᠂ | ᠲᠦᠷᠢᠶᠡᠰᠦᠯᠡᠭᠴᠢ ᠨᠢ ᠬᠢᠨᠠᠨ ᠬᠠᠮᠢᠶᠠᠷᠤᠯᠲᠠ ᠶᠢᠨ ᠰᠢᠰᠲ᠋ᠧᠮ ᠪᠠ ᠣᠷᠣᠨ ᠰᠠᠭᠤᠴᠠ ᠶᠢᠨ ᠳᠦᠷᠢᠶᠡᠰᠦᠯᠡᠯ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ᠂ ᠣᠷᠣᠨ ᠰᠠᠭᠤᠴᠠ ᠶᠢᠨ ᠳᠦᠷᠢᠶᠡᠰᠦᠯᠡᠯ ᠤᠨ ᠭᠡᠷ᠎ᠡ ᠶᠢᠨ | ᠪᠦᠷᠢᠳᠬᠡᠨ ᠳᠠᠩᠰᠠᠯᠠᠬᠤ ᠨᠣᠮᠧᠷ ᠵᠡᠷᠭᠡ ᠮᠡᠳᠡᠭᠡ ᠵᠠᠩᠭᠢ ᠪᠠᠷ ᠳᠠᠮᠵᠢᠭᠤᠯᠤᠨ ᠲᠤᠰ ᠬᠥᠮᠥᠨ ᠤ ᠪᠠᠷᠢᠴᠠᠭᠠᠨ ᠤ | ᠮᠥᠩᠭᠦ ᠶᠢ ᠨᠠᠶᠢᠳᠠᠨ ᠬᠠᠮᠢᠶᠠᠷᠤᠭᠤᠯᠬᠤ᠂ ᠲᠦᠷᠢᠶᠡᠰᠦᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠳᠠᠩᠰᠠᠨ | ᠡᠷᠦᠬᠡ ᠳᠠᠬᠢ ᠦᠯᠡᠳᠡᠪᠦᠷᠢ ᠶᠢ ᠪᠠᠶᠢᠴᠠᠭᠠᠨ ᠯᠠᠪᠯᠠᠵᠤ ᠪᠣᠯᠣᠨ᠎ᠠ᠃ ᠬᠤᠶᠠᠷ ᠲᠤ᠂ ᠬᠠᠤᠯᠢ ᠬᠡᠷᠡᠭᠵᠢᠭᠦᠯᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠲᠦᠷᠢᠶᠡᠰᠦᠨ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠭᠦᠢᠴᠡᠳᠬᠡᠭᠰᠡᠨ ᠥᠬᠡᠶ ᠪᠤᠶᠤ ᠡᠵᠡᠩᠨᠡᠯᠲᠡ ᠶᠢᠨ ᠲᠦᠭᠰᠢᠭᠦᠷᠢ ᠣᠷᠣᠰᠢᠵᠤ ᠪᠠᠶᠢᠬᠤ ᠶᠢ | ᠣᠯᠵᠤ ᠮᠡᠳᠡᠪᠡᠯ᠂ ᠣᠷᠣᠨ ᠰᠠᠭᠤᠴᠠ ᠲᠦᠷᠢᠶᠡᠰᠦᠯᠡᠯ ᠤᠨ ᠠᠵᠤ ᠠᠬᠤᠶᠢᠯᠠᠯ ᠳᠤ ᠲᠦᠷᠢᠶᠡᠰᠦᠨ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠶᠢᠨ ᠳᠣᠲᠣᠷᠠᠬᠢ ᠪᠠᠯᠠ ᠮᠥᠩᠭᠦ ᠶᠢ ᠰᠠᠯᠭᠠᠨ ᠥᠭᠬᠦ ᠶᠢ ᠲᠦᠷ | ᠵᠤᠭᠰᠤᠭᠠᠨ᠎ᠠ᠂ ᠡᠯ᠎ᠡ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠩᠰᠠᠨ ᠡᠷᠦᠬᠡ ᠶᠢᠨ ᠳᠣᠲᠣᠷᠠᠬᠢ ᠪᠠᠯᠠ | ᠮᠥᠩᠭᠦ ᠶᠢ ᠰᠠᠯᠭᠠᠨ ᠦᠭᠬᠦ ᠶᠢ ᠬᠠᠮᠢᠶᠠᠷᠤᠨ᠎ᠠ᠃ ᠪᠠᠷᠢᠴᠠᠭᠠᠨ ᠤ ᠮᠥᠩᠭᠦ ᠶᠢ ᠨᠠᠶᠢᠳᠠᠨ ᠬᠠᠮᠢᠶᠠᠷᠤᠭᠤᠯᠬᠤ᠂ | ᠲᠦᠷᠢᠶᠡᠰᠦᠨ ᠮᠥᠩᠭᠦ ᠶᠢ ᠬᠢᠨᠠᠨ ᠬᠠᠮᠢᠶᠠᠷᠬᠤ ᠶᠢ ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠶ ᠪᠤᠶᠤ | ᠦᠯᠡᠳᠡᠭᠰᠡᠨ ᠪᠠᠷᠢᠴᠠᠭᠠᠨ ᠤ ᠮᠥᠩᠭᠦ᠂ ᠲᠦᠷᠢᠶᠡᠰᠦᠨ ᠮᠥᠩᠭᠦ ᠶᠢ ᠬᠤᠭᠤᠴᠠᠭ᠎ᠠ ᠶᠣᠰᠣᠭᠠᠷ ᠪᠤᠴᠠᠭᠠᠭᠰᠠᠨ ᠦᠭᠡᠶ | ᠪᠣᠯ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠢᠳᠭᠡᠵᠤ ᠲᠣᠷᠭᠠᠨ᠎ᠠ᠃ | ᠠᠷᠠᠳ ᠤᠨ ᠠᠮᠢᠳᠤᠷᠠᠯ ᠤᠨ ᠶᠠᠪᠤᠳᠠᠯ ᠳᠤ ᠪᠠᠭ᠎ᠠ ᠶᠠᠪᠤᠳᠠᠯ ᠭᠡᠵᠦ ᠦᠭᠡᠢ᠂ ᠠᠮᠤᠷ ᠲᠦᠪᠰᠢᠨ ᠢ ᠪᠠᠳᠤᠯᠠᠪᠠᠯ | ᠰᠠᠶ᠋ᠢ ᠵᠤᠯ ᠵᠢᠷᠭᠠᠯᠳᠠᠢ ᠪᠣᠯᠵᠤ ᠴᠢᠳᠠᠨ᠎ᠠ᠃ᠣᠷᠣᠨ ᠰᠠᠭᠤᠴᠠ ᠶᠢᠨ ᠲᠦᠷᠢᠶᠡᠰᠦᠯᠡᠯ ᠤᠨ ᠪᠠᠷᠢᠴᠠᠭᠠᠨ ᠤ ᠮᠥᠩᠭᠦ ᠶᠢᠨ | ᠬᠠᠮᠢᠶᠠᠷᠤᠯᠲᠠ ᠶᠢ ᠵᠢᠷᠤᠮᠵᠢᠭᠤᠯᠬᠤ ᠶᠢ ᠠᠬᠢᠭᠤᠯᠵᠤ᠂ ᠬᠢᠨᠠᠨ ᠬᠠᠮᠢᠶᠠᠷᠤᠯᠳᠠ ᠳᠤ ᠲᠦᠰᠢᠭᠯᠡᠵᠦ | ᠲᠦᠷᠢᠶᠡᠰᠦᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠴᠢᠬᠤᠯᠠᠲᠠᠶ ᠮᠥᠷᠲᠡᠭᠡᠨ ᠣᠷᠣᠨ | ᠰᠠᠭᠤᠴᠠ ᠶᠢᠨ ᠲᠦᠷᠢᠶᠡᠰᠦᠯᠡᠯ ᠤᠨ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠲᠠᠨᠢᠯᠳᠡ ᠪᠠᠨ | ᠬᠤᠪᠢᠷᠠᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠶ᠃ ᠠᠷᠠᠳ | ᠲᠦᠮᠡᠨ ᠢ ᠳᠡᠭᠡᠳᠦᠯᠡᠬᠦ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠬᠤ ᠶᠢ ᠪᠠᠷᠢᠮᠲᠠᠯᠠᠵᠤ᠂ | ᠤᠯᠠᠨ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ ᠡᠷᠡᠭᠦᠯ ᠪᠥᠭᠡᠳ ᠡᠮᠬᠢ ᠵᠢᠷᠤᠮ ᠲᠠᠢ ᠣᠷᠣᠨ ᠰᠠᠭᠤᠴᠠ ᠶᠢᠨ | ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠬᠠᠮᠲᠤ ᠪᠠᠷ ᠪᠠᠶᠢᠭᠤᠯᠵᠤ᠂ ᠠᠷᠠᠳ ᠤᠯᠠᠨ ᠢ ᠰᠠᠨᠠᠭ᠎ᠠ ᠠᠮᠤᠷ | ᠲᠦᠷᠢᠶᠡᠰᠦᠯᠡᠭᠦᠯᠵᠦ᠂ ᠲᠠᠭᠠᠯᠠᠮᠵᠢᠲᠠᠢ ᠤᠷᠤᠰᠢᠨ ᠰᠠᠭᠤᠬᠤ ᠶᠢ ᠪᠠᠳᠤᠯᠠᠬᠤ ᠬᠡᠷᠡᠭᠲᠡᠢ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |