ᠭᠡᠷ ᠪᠠᠶᠢᠰᠢᠩ ᠤᠨ ᠥᠮᠴᠢᠯᠡᠯ ᠤᠨ ᠡᠷᠬᠡ ᠲᠠᠢ ᠦᠷ᠎ᠡ ᠬᠡᠦᠬᠡᠳ ᠨᠢ ᠡᠴᠢᠭᠡ ᠡᠬᠡ ᠪᠠᠨ ᠭᠡᠷ ᠪᠠᠶᠢᠰᠢᠩ ᠢᠶᠠᠨ ᠰᠤᠯᠠᠯᠠᠭᠤᠯᠬᠤ ᠪᠠᠷ ᠱᠠᠭᠠᠷᠳᠠᠵᠦ ᠪᠤᠯᠤᠨ᠎ᠠ ᠦᠦ︖
ᠨᠡᠶᠢᠲᠡᠯᠡᠭᠰᠡᠨ ᠴᠠᠭ᠄
2024/8/28
      ᠤᠶᠢᠷ᠎ᠠ ᠶᠢᠨ ᠡᠳᠦᠷ᠂ ᠪᠡᠭᠡᠵᠢᠩ ᠬᠤᠲᠠ ᠶᠢᠨ ᠬᠤᠶᠠᠳᠤᠭᠠᠷ ᠳᠤᠮᠳᠠᠳᠤ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ  ᠠᠴᠠ ᠡᠵᠢ ᠬᠡᠦᠬᠡᠨ ᠤ ᠬᠤᠭᠤᠷᠣᠨᠳᠣ ᠡᠭᠦᠰᠦᠭᠰᠡᠨ ᠵᠢᠭᠤᠷᠠᠯᠳᠤᠭᠠᠨ ᠤ ᠵᠠᠭᠠᠯᠳᠤᠯᠭ᠎ᠠ ᠶᠢ ᠲᠠᠰᠤᠯᠠᠵᠠᠢ᠂ ᠶᠡᠷᠡᠨ ᠨᠠᠰᠤ ᠣᠷᠴᠢᠮ ᠤᠨ ᠡᠬᠡ ᠪᠠᠨ ᠭᠡᠷ ᠲᠡᠭᠡᠨ ᠰᠠᠭᠤᠯᠭᠠᠬᠤ ᠦᠭᠡᠢ ᠭᠡᠷ ᠪᠠᠶᠢᠰᠢᠩ‌ᠢ ᠰᠤᠯᠠᠯᠠᠭᠤᠯᠬᠤ ᠭᠡᠵᠤ ᠱᠠᠭᠠᠷᠳᠠᠪᠠ᠃ ᠰᠢᠭᠦᠬᠦ ᠬᠤᠷᠢᠶ᠎ᠠ ᠠᠴᠠ ᠡᠴᠢᠭᠡ ᠡᠬᠡ ᠨᠢ ᠦᠷ᠎ᠡ ᠬᠡᠦᠬᠡᠳ ᠶᠢᠨ ᠢᠶᠠᠨ ᠭᠡᠷ ᠪᠠᠶᠢᠰᠢᠩ ᠳᠤ ᠰᠠᠭᠤᠬᠤ ᠡᠷᠬᠡ ᠲᠠᠢ ᠭᠡᠵᠦ ᠮᠠᠭᠠᠳᠯᠠᠨ ᠲᠣᠭᠲᠠᠭᠠᠬᠤ ᠶᠢᠨ ᠬᠠᠮᠲᠤ ᠵᠠᠭᠠᠯᠳᠤᠯᠭ᠎ᠠ ᠶᠢ ᠨᠢᠴᠤᠭᠠᠪᠠ᠃ ᠭᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠬᠠᠷᠢᠯᠴᠠᠨ ᠬᠠᠯᠠᠮᠵᠢᠯᠠᠵᠤ᠂ ᠬᠠᠷᠢᠯᠴᠠᠨ ᠪᠠᠭᠲᠠᠭᠠᠮᠵᠢᠲᠠᠢ ᠪᠠᠶᠢᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠡᠶ᠎ᠡ ᠵᠣᠬᠢᠴᠠᠯ ᠲᠠᠢ ᠭᠡᠷ ᠪᠦᠯᠢ ᠶᠢ ᠬᠠᠮᠲᠤ ᠪᠠᠷ ᠡᠭᠦᠳᠦᠨ ᠪᠠᠶᠢᠭᠤᠯᠬᠤ ᠬᠡᠷᠡᠭᠲᠡᠢ ᠭᠡᠵᠦ ᠰᠠᠨᠠᠭᠠᠴᠢᠯᠠᠪᠠ᠃      ᠭᠡᠷ ᠪᠦᠯᠢ ᠶᠢᠨ ᠤᠷᠲᠤ ᠬᠤᠭᠤᠴᠠᠭᠠᠨ ᠤ ᠵᠥᠷᠢᠴᠡᠯ ᠠᠴᠠ ᠪᠤᠯᠵᠦ ᠡᠬᠡ ᠬᠡᠦᠬᠡᠨ ᠤ ᠬᠤᠭᠤᠷᠤᠨᠳᠦ  ᠭᠡᠷ ᠬᠥᠷᠥᠩᠭᠡ ᠶᠢᠨ ᠵᠢᠭᠤᠷᠠᠯᠳᠤᠭᠠᠨ ᠡᠭᠦᠰᠪᠡ      ᠸᠠᠩ ᠣᠪᠣᠭᠲᠤ ᠪᠣᠯ ᠵᠠᠩ ᠣᠪᠣᠭᠲᠤ ᠶᠢᠨ ᠥᠬᠢᠨ᠂ ᠠᠵᠢᠯ ᠤᠨ ᠬᠡᠷᠡᠭᠴᠡᠭᠡ ᠠᠴᠠ ᠪᠣᠯᠵᠤ᠂ ᠸᠠᠩ ᠣᠪᠣᠭᠲᠤ ᠬᠠᠨᠢ ᠨᠥᠬᠦᠷ ᠲᠠᠢ ᠪᠠᠨ ᠬᠠᠮᠲᠤ ᠭᠠᠳᠠᠭᠠᠳᠤ ᠳᠤ ᠰᠠᠭᠤᠷᠢᠰᠢᠪᠠ᠂ ᠡᠬᠡ ᠵᠠᠩ ᠣᠪᠣᠭᠲᠤ ᠶᠢᠨ  ᠬᠥᠭᠰᠢᠨ  ᠨᠢ  ᠨᠠᠰᠤ ᠪᠠᠷᠠᠭᠰᠠᠨ ᠤ ᠳᠠᠷᠠᠭ᠎ᠠ᠂ ᠪᠡᠭᠡᠵᠢᠩ ᠤᠨ ᠨᠢᠭᠡᠨ ᠢᠵᠢ ᠬᠡᠷ ᠪᠠᠶᠢᠰᠢᠩ ᠳᠤ ᠤᠳᠤ ᠪᠤᠯᠳᠠᠯ᠎ᠠ ᠭᠠᠭᠴᠠᠭᠠᠷ ᠠᠮᠢᠳᠤᠷᠠᠵᠠᠢ᠃ ᠡᠬᠡ ᠬᠡᠦᠬᠡᠨ ᠬᠤᠶᠠᠷ ᠤᠨ ᠵᠥᠷᠢᠴᠡᠯ ᠠᠴᠠ ᠪᠤᠯᠵᠦ ᠡᠬᠡ ᠬᠡᠦᠬᠡᠨ‌‍ᠤ ᠬᠤᠭᠤᠷᠤᠨᠳᠦ ᠭᠡᠷ ᠬᠥᠷᠥᠩᠭᠡ ᠶᠢᠨ ᠵᠢᠭᠤᠷᠠᠯᠳᠤᠭᠠᠨ ᠡᠭᠦᠰᠦᠭᠰᠡᠨ ᠶᠤᠮ᠃      ᠤᠤᠯ ᠨᠢ 2002 ᠣᠨ ᠤ ᠡᠬᠢ ᠪᠠᠷ᠂ ᠸᠠᠩ ᠣᠪᠣᠭᠲᠤ ᠪᠡᠭᠡᠵᠢᠩ ᠬᠤᠲᠠ ᠠᠴᠠ ᠨᠢᠭᠡ ᠢᠵᠢ ᠣᠷᠣᠨ ᠰᠠᠭᠤᠴᠠ ᠬᠤᠳᠠᠯᠳᠤᠨ ᠠᠪᠴᠠᠢ᠂ ᠲᠤᠬᠠᠢ ᠶᠢᠨ ᠣᠢᠶ᠎ᠠ ᠳᠤ᠂ ᠸᠠᠩ ᠣᠪᠣᠭᠲᠤ ᠶᠢᠨ ᠬᠡᠦᠬᠡᠨ ᠨᠢ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠤᠴᠢᠷ  ᠬᠡᠦᠬᠡᠨ ᠢᠶᠠᠨ ᠰᠤᠷᠭᠠᠭᠤᠯᠢ ᠠᠴᠠ ᠲᠣᠰᠴᠤ ᠬᠦᠷᠭᠡᠬᠦ ᠳᠤ ᠲᠦᠭᠦᠮ ᠦᠵᠡᠭᠦᠯᠬᠦ ᠶᠢᠨ ᠲᠥᠯᠥᠭᠡ᠂ ᠸᠠᠩ ᠣᠪᠣᠭᠲᠤ ᠬᠡᠦᠬᠡᠨ ᠨᠢ ᠵᠠᠩ ᠤᠪᠤᠭᠳᠤ ᠡᠷ᠎ᠡ ᠡᠮ᠎ᠡ ᠬᠤᠶᠠᠷ ᠢ ᠲᠣᠰᠴᠤ ᠠᠪᠴᠢᠷᠠᠭᠠᠳ ᠬᠠᠮᠳᠤᠪᠠᠷ ᠠᠮᠢᠳᠤᠷᠠᠵᠠᠢ᠃ 2008 ᠣᠨ ᠳᠤ᠂ ᠠᠵᠢᠯ ᠤᠨ ᠬᠡᠷᠡᠭᠴᠡᠭᠡ ᠠᠴᠠ ᠸᠠᠩ ᠣᠪᠣᠭᠲᠤ ᠨᠢᠭᠡ ᠭᠡᠷ ᠢᠶᠠᠷ ᠢᠶᠠᠨ ᠭᠠᠳᠠᠭᠠᠳᠤ ᠳᠤ ᠣᠴᠢᠵᠤ᠂ ᠵᠠᠩ ᠣᠪᠣᠭᠲᠤ ᠡᠷ᠎ᠡ ᠡᠮ᠎ᠡ ᠬᠤᠶᠠᠭᠤᠯᠠ ᠶᠢ ᠦᠷᠭᠦᠯᠵᠢᠯᠡᠨ ᠸᠠᠩ ᠣᠪᠣᠭᠲᠤ ᠶᠢᠨ ᠭᠡᠷ ᠲᠤ ᠰᠠᠭᠤᠯᠭᠠᠵᠠᠢ᠃ 2010 ᠣᠨ ᠳᠤ  ᠵᠠᠩ ᠣᠪᠣᠭᠲᠤ ᠶᠢᠨ ᠬᠦᠭᠰᠢᠨ ᠨᠢ ᠨᠠᠰᠤ ᠪᠠᠷᠠᠵᠠᠢ᠃      ᠵᠠᠩ ᠣᠪᠣᠭᠲᠤ ᠶᠢᠨ ᠬᠦᠭᠰᠢᠨ ᠨᠢ ᠨᠠᠰᠤ ᠪᠠᠷᠠᠭᠰᠠᠨ ᠤ ᠳᠠᠷᠠᠭ᠎ᠠ᠂ ᠵᠠᠩ ᠣᠪᠣᠭᠲᠤ ᠬᠦᠭᠰᠢᠨ ᠤ ᠪᠠᠨ ᠦᠯᠡᠳᠡᠭᠡᠭᠰᠡᠨ ᠬᠠᠳᠠᠭᠠᠯᠠᠮᠵᠢ ᠶᠢᠨ ᠵᠣᠭᠤᠰ ᠵᠡᠷᠭᠡ ᠡᠳ᠋ ᠬᠥᠷᠥᠩᠭᠡ ᠶᠢ ᠸᠠᠩ ᠤᠪᠤᠭᠳᠤ ᠠᠴᠠ ᠲᠠᠯᠳᠠᠭᠤᠷ᠂ ᠤᠯᠠᠩᠬᠢ ᠥᠪ ᠬᠥᠷᠥᠩᠭᠡ ᠪᠠᠨ ᠪᠤᠰᠤᠳ ᠦᠷ᠎ᠡ ᠬᠡᠦᠬᠡᠳ ᠲᠤ ᠬᠤᠪᠢᠶᠠᠨ ᠥᠭᠴᠦ᠂ ᠡᠬᠡ ᠬᠡᠦᠬᠡᠨ ᠬᠤᠶᠠᠭᠤᠯᠠ ᠡᠭᠦᠨ ᠠᠴᠠ ᠪᠤᠯᠵᠦ ᠵᠦᠷᠢᠴᠡᠯ ᠲᠠᠢ ᠪᠤᠯᠵᠠᠢ᠃ ᠡᠭᠦᠨ ᠤ ᠳᠡᠭᠡᠷ᠎ᠡ ᠸᠠᠩ ᠣᠪᠣᠭᠲᠤ ᠣᠯᠠᠨ ᠵᠢᠯ ᠭᠠᠳᠠᠭᠠᠳᠤ ᠳᠤ ᠰᠠᠭᠤᠵᠦ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠰᠣᠯᠢᠯᠴᠠᠭ᠎ᠠ ᠬᠦᠷᠦᠯᠴᠡᠬᠦ  ᠦᠭᠡᠢ ᠪᠣᠯᠵᠤ ᠡᠬᠡ ᠬᠡᠦᠬᠡᠨ ᠬᠤᠶᠠᠷ ᠤᠨ ᠬᠤᠭᠤᠷᠤᠨᠳᠤᠬᠢ ᠵᠦᠷᠢᠴᠡᠯ ᠤᠯᠠᠮ ᠬᠤᠷᠴᠠᠳᠪᠠ  ᠃     2023 ᠣᠨ ᠳᠤ᠂ ᠸᠠᠩ ᠣᠪᠣᠭᠲᠤ ᠤᠳᠠᠯ ᠥᠬᠡᠶ ᠠᠵᠢᠯ ᠠᠴᠠ ᠪᠠᠨ ᠠᠮᠠᠷᠠᠬᠤ ᠪᠤᠯᠤᠭᠰᠠᠨ ᠲᠤᠯᠠ᠂ ᠤᠯᠤᠰ ᠲᠠᠭᠠᠨ ᠪᠤᠴᠠᠵᠤ ᠠᠮᠢᠳᠤᠷᠠᠬᠤ ᠪᠤᠯᠵᠠᠢ᠂ ᠵᠠᠩ ᠣᠪᠣᠭᠲᠤ ᠶᠢ ᠬᠡᠷ ᠪᠠᠶᠢᠰᠢᠩ  ᠢᠶᠠᠨ ᠰᠤᠯᠠᠯᠠᠵᠦ ᠪᠤᠰᠤᠳ ᠤᠷᠤᠨ ᠰᠠᠭᠤᠴᠠ ᠳᠤ ᠨᠡᠭᠦᠵᠦ ᠭᠠᠷᠬᠤ ᠶᠢ ᠱᠠᠭᠠᠷᠳᠠᠪᠠ᠂ ᠵᠠᠩ ᠣᠪᠣᠭᠲᠤ᠂ ᠪᠢ ᠨᠢᠭᠡᠨᠲᠡ ᠶᠡᠷᠡ ᠰᠢᠬᠠᠮ ᠨᠠᠰᠤᠳᠠᠢ ᠪᠥᠭᠡᠳ ᠲᠣᠰ ᠬᠡᠷ ᠪᠠᠶᠢᠰᠢᠩ ᠳᠤ ᠭᠠᠭᠴᠠᠭᠠᠷ ᠢᠶᠠᠨ ᠠᠷᠪᠠ ᠭᠠᠷᠤᠶ ᠵᠢᠯ ᠠᠮᠢᠳᠤᠷᠠᠵᠤ᠂ ᠲᠠᠨᠢᠯ ᠲᠠᠰᠤᠯ ᠣᠷᠴᠢᠨ ᠲᠣᠭᠤᠷᠢᠨ ᠳᠤ ᠦᠷᠭᠦᠯᠵᠢᠯᠡᠨ ᠠᠮᠢᠳᠤᠷᠠᠬᠤ ᠴᠢᠬᠤᠯᠠᠲᠠᠶ ᠭᠡᠵᠦ ᠨᠡᠭᠦᠬᠦ ᠶᠢ ᠲᠡᠪᠴᠢᠪᠠ᠃ ᠸᠠᠩ ᠣᠪᠣᠭᠲᠤ ᠬᠠᠷᠢᠨ ᠡᠭᠦᠨ ᠤ ᠲᠤᠬᠠᠶ ᠵᠠᠷᠭᠤ ᠬᠢᠪᠡ᠃       ︽ᠪᠢ ᠪᠤᠯ ᠭᠡᠷ ᠪᠠᠶᠢᠰᠢᠩ ᠤᠨ ᠦᠮᠴᠢᠯᠡᠯ ᠤᠨ ᠡᠷᠬᠡᠳᠦ ᠬᠦᠮᠦᠨ᠂ ᠭᠡᠷ ᠪᠠᠶᠢᠰᠢᠩ ᠰᠤᠯᠠᠯᠠᠬᠤ ᠪᠠᠷ ᠱᠠᠭᠠᠷᠳᠠᠬᠤ ᠡᠷᠭᠡ ᠲᠠᠢ︾        ᠵᠠᠷᠭᠤᠯᠳᠤᠭᠠᠨ ᠤ ᠳᠤᠮᠳᠠ᠂ ᠸᠠᠩ ᠣᠪᠣᠭᠲᠤ ᠭᠡᠷ ᠪᠠᠶᠢᠰᠢᠩ ᠢᠶᠠᠨ ᠪᠤᠴᠠᠭᠠᠨ ᠠᠪᠬᠤ ᠳᠣᠤᠷᠠᠬᠢ ᠭᠤᠷᠪᠠᠨ ᠰᠢᠯᠳᠠᠭᠠᠨ ᠲᠤᠷᠠᠳᠴᠠᠢ᠂ ᠲᠡᠷᠢᠭᠦᠨ ᠳᠤ᠂ ᠭᠡᠷ ᠪᠠᠶᠢᠰᠢᠩ ᠬᠤᠳᠠᠯᠳᠤᠨ ᠠᠪᠬᠤ ᠳᠤ ᠸᠠᠩ ᠤᠪᠤᠭᠳᠤ ᠪᠡᠯᠡ ᠮᠦᠩᠭᠦ ᠭᠠᠷᠭᠠᠭᠰᠠᠨ ᠮᠦᠷᠳᠡᠭᠡᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠳᠠᠩᠰᠠᠯᠠᠯ ᠢ ᠭᠦᠢᠴᠡᠳᠬᠡᠵᠦ᠂ ᠭᠡᠷ ᠪᠠᠶᠢᠰᠢᠩ ᠤᠨ ᠦᠮᠴᠢᠯᠡᠯ ᠤᠨ ᠡᠷᠬᠡᠲᠦ ᠬᠥᠮᠦᠨ ᠪᠣᠯᠤᠭᠰᠠᠨ ᠤ ᠬᠤᠪᠢ ᠳᠤ ᠲᠤᠰ ᠭᠡᠷ ᠪᠠᠶᠢᠰᠢᠩ ᠳᠤ ᠰᠠᠭᠤᠬᠤ ᠡᠷᠬᠡ ᠲᠠᠢ᠂ ᠪᠤᠰᠤᠳ ᠬᠦᠮᠦᠨ ᠢ ᠭᠡᠷ ᠪᠠᠶᠢᠰᠢᠩ ᠢ ᠡᠵᠡᠯᠡᠨ ᠰᠠᠭᠤᠵᠦ ᠪᠠᠶᠢᠪᠠᠯ ᠭᠡᠷ ᠪᠠᠶᠢᠰᠢᠩ ᠰᠤᠯᠠᠯᠠᠭᠤᠯᠬᠤ ᠶᠢ ᠱᠠᠭᠠᠷᠳᠠᠬᠤ ᠡᠷᠬᠡ ᠲᠠᠢ︔ ᠳᠠᠷᠠᠭᠠᠯᠠᠪᠠᠯ᠂ ᠵᠠᠩ ᠣᠪᠣᠭᠲᠤ ᠠᠵᠢᠯ ᠠᠴᠠ ᠪᠠᠨ ᠪᠠᠭᠤᠵᠤ ᠠᠮᠠᠷᠠᠬᠤ ᠠᠴᠠ ᠡᠮᠦᠨ᠎ᠡ ᠠᠵᠢᠯᠯᠠᠵᠤ ᠪᠠᠶᠢᠭ᠎ᠠ ᠨᠢᠭᠡᠴᠢ ᠶᠢᠨ ᠬᠢᠨ 20 ᠳ᠋ᠤᠭᠠᠷ ᠵᠠᠭᠤᠨ ᠤ ᠳᠠᠯᠠᠭᠠᠳ ᠣᠨ ᠠᠴᠠ ᠡᠮᠦᠨ᠎ᠡ ᠵᠠᠩ ᠣᠪᠣᠭᠲᠤ ᠳᠤ ᠨᠢᠭᠡᠨᠲᠡ ᠣᠷᠣᠨ ᠰᠠᠭᠤᠴᠠ ᠬᠤᠪᠢᠶᠠᠷᠢᠯᠠᠵᠤ ᠥᠭᠭᠦᠭᠰᠡᠨ ᠪᠥᠭᠡᠳ ᠵᠠᠩ ᠣᠪᠣᠭᠲᠤ 2002 ᠣᠨ ᠠᠴᠠ ᠡᠮᠦᠨ᠎ᠡ ᠦᠪᠡᠷ ᠤᠨ ᠢᠶᠠᠨ ᠭᠡᠷ ᠲᠤ ᠰᠠᠭᠤᠵᠤ ᠪᠠᠶᠢᠵᠠᠢ᠂ ᠣᠳᠣ ᠲᠤᠰ ᠭᠡᠷ ᠪᠠᠶᠢᠰᠢᠩ ᠨᠢ ᠮᠥᠨ ᠯᠡ ᠬᠤᠭᠤᠰᠣᠨ ᠪᠠᠶᠢᠨ᠎ᠠ᠂ ᠵᠠᠩ ᠤᠪᠤᠭᠳᠤ ᠪᠤᠴᠠᠵᠦ ᠨᠡᠭᠦᠵᠦ ᠪᠤᠯᠤᠨ᠎ᠠ︔ ᠬᠠᠮᠤᠭ ᠰᠡᠭᠦᠯ ᠳᠤ᠂ ᠸᠠᠩ ᠣᠪᠣᠭᠲᠤ ᠨᠢᠭᠡᠨᠲᠡ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠴᠡᠢ᠂ ᠲᠡᠭᠦᠨ ᠤ ᠦᠷ᠎ᠡ ᠬᠡᠦᠬᠡᠳ ᠨᠢ ᠪᠦᠷ ᠲᠤᠮᠦᠭᠠᠵᠢᠵᠠᠢ᠂ ᠤᠯᠤᠰ ᠲᠠᠭᠠᠨ ᠪᠤᠴᠠᠭᠰᠠᠨ ᠤ ᠳᠠᠷᠠᠭ᠎ᠠ ᠠᠮᠢᠳᠤᠷᠠᠯ ᠤᠨ ᠳᠥᠭᠦᠮ ᠳᠥᠲᠡ ᠶᠢᠨ ᠲᠦᠯᠦᠭᠡ᠂ ᠸᠠᠩ ᠣᠪᠣᠭᠲᠤ ᠣᠷᠣᠨ ᠰᠠᠭᠤᠴᠠ ᠶᠢᠨ ᠭᠡᠷ ᠪᠠᠶᠢᠰᠢᠩ ᠢᠶᠠᠨ ᠪᠤᠴᠠᠭᠠᠨ ᠠᠪᠬᠤ ᠪᠤᠰᠤᠳᠴᠢ ᠬᠡᠷᠡᠭᠴᠡᠭᠡ   ᠲᠠᠢ᠃      ᠡᠭᠦᠨ ᠳᠤ᠂ ᠵᠠᠩ ᠣᠪᠣᠭᠲᠤ ᠂ ᠥᠪᠡᠷ ᠢᠶᠠᠨ ᠶᠡᠷᠡᠨ ᠨᠠᠰᠤ ᠬᠦᠷᠴᠦ᠂ ᠬᠥᠳᠡᠯᠵᠦ ᠪᠠᠷᠢᠬᠤ ᠳᠤ ᠳᠥᠭᠦᠮ ᠦᠭᠡᠢ᠂ ᠡᠳᠦᠷ ᠲᠤᠲᠤᠮ ᠤᠨ ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠣᠷᠣᠵᠤ ᠭᠠᠷᠬᠤ ᠳᠤ ᠴᠦᠮ᠎ᠡ ᠬᠦᠷᠳᠦᠲᠦ ᠰᠠᠨᠳᠠᠯᠢ ᠳᠤ ᠲᠦᠰᠢᠭᠯᠡᠨ᠂ ᠲᠠᠨᠢᠯ ᠳᠠᠰᠤᠯ ᠣᠷᠴᠢᠨ ᠲᠣᠭᠤᠷᠢᠨ ᠳᠤ ᠲᠦᠰᠢᠭᠯᠡᠬᠦ ᠬᠡᠷᠡᠭᠳᠡᠢ᠂ ᠲᠡᠭᠦᠨ ᠤ ᠨᠡᠷ᠎ᠡ ᠳᠣᠤᠷᠠᠬᠢ ᠭᠡᠷ ᠪᠠᠶᠢᠰᠢᠩ ᠨᠢ ᠨᠢᠭᠡᠨᠲᠡ ᠬᠤᠷᠢᠨ ᠵᠢᠯ ᠬᠤᠭᠤᠰᠤᠨ ᠲᠠᠯᠪᠢᠵᠦ᠂ ᠲᠠᠯᠠᠪᠠᠢ ᠨᠢ ᠢᠪᠴᠤᠤ ᠮᠥᠷᠲᠡᠭᠡᠨ ᠬᠠᠭᠤᠴᠢᠨ ᠰᠠᠭᠤᠭᠠᠯᠢ ᠲᠣᠭᠤᠷᠢᠭ ᠲᠤ ᠪᠠᠶᠢᠷᠢᠯᠠᠵᠤ᠂ ᠬᠠᠷᠰᠢ ᠰᠠᠭᠠᠳ ᠦᠭᠡᠢ ᠲᠥᠬᠦᠭᠡᠷᠦᠮᠵᠢ ᠲᠤᠳᠠᠭᠤ᠂ ᠣᠷᠣᠨ ᠪᠠᠶᠢᠷᠢ ᠨᠢ ᠪᠤᠶᠢᠳᠠ ᠪᠥᠭᠯᠡᠭᠦᠦ ᠪᠠᠶᠢᠵᠤ᠂ ᠡᠪᠡᠳᠴᠢᠨ ᠦᠵᠡᠭᠦᠯᠬᠦ ᠳᠤ ᠳᠥᠭᠦᠮ ᠦᠭᠡᠢ ᠪᠠᠶᠢᠨ᠎ᠠ᠃ ᠡᠶᠢᠮᠤ ᠠᠴᠠ ᠵᠠᠩ ᠣᠪᠣᠭᠲᠤ ᠶᠢᠨ ᠦᠵᠡᠬᠦ ᠪᠠᠷ᠂ ᠭᠡᠷ ᠰᠤᠯᠠᠯᠠᠬᠤ ᠨᠥᠬᠦᠴᠡᠯ ᠦᠭᠡᠢ᠃       ᠨᠠᠰᠤᠲᠠᠨ ᠠᠴᠠ ᠬᠡᠦᠬᠡᠨ ᠤ ᠪᠠᠨ ᠭᠡᠷ ᠲᠤ ᠰᠠᠭᠤᠬᠤ ᠡᠷᠬᠡ ᠦᠭᠡᠢ ᠪᠢᠰᠢ       ᠰᠢᠭᠦᠬᠦ ᠬᠤᠷᠢᠶ᠎ᠠ ᠰᠢᠭᠦᠨ ᠰᠢᠢᠳᠪᠦᠷᠢᠯᠡᠬᠦ ᠪᠠᠷ ᠳᠠᠮᠵᠢᠭᠠᠳ᠂ ᠬᠡᠷᠡᠭ ᠤᠨ ᠦᠨᠳᠦᠰᠦᠨ ᠮᠠᠷᠭᠤᠭᠠᠨ ᠨᠢ ᠬᠡᠳᠦ᠋ᠢᠪᠡᠷ ᠭᠡᠷ ᠪᠠᠶᠢᠰᠢᠩ ᠰᠤᠯᠠᠯᠠᠬᠤ ᠡᠩ ᠤᠨ ᠵᠢᠭᠤᠷᠠᠯᠳᠤᠭᠠᠨ‌‍ᠪᠤᠯᠬᠤ ᠮᠦᠷᠳᠡᠭᠡᠨ ᠭᠡᠷ ᠪᠥᠯᠢ ᠶᠢᠨ ᠳᠣᠲᠣᠭᠠᠳᠤ ᠳᠠᠬᠢ ᠡᠬᠡ ᠬᠡᠦᠬᠡᠨ ᠤ ᠬᠤᠭᠤᠷᠤᠨᠳᠤᠬᠢ ᠵᠢᠭᠤᠷᠤᠯᠳᠤᠭᠠᠨ ᠳᠤ ᠲᠤᠭᠠᠴᠠᠭᠳᠠᠨ᠎ᠠ᠃ ᠲᠤᠰ ᠬᠡᠷᠡᠭ‌‍ᠦᠨ ᠮᠦᠨ ᠴᠢᠨᠠᠷ ᠨᠢ ᠦᠮᠴᠢᠯᠡᠯ ᠤᠨ ᠡᠷᠬᠡᠳᠦ ᠬᠦᠮᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠳᠠ ᠪᠤᠯᠤᠨ ᠦᠷ᠎ᠡ ᠬᠡᠦᠬᠡᠳ ᠤᠨ ᠨᠠᠰᠤᠳᠠᠨ ᠢᠶᠠᠨ ᠠᠰᠠᠷᠠᠬᠤ ᠡᠭᠦᠷᠭᠡ ᠶᠢᠨ ᠬᠤᠭᠤᠷᠤᠨᠳᠤᠬᠢ ᠦᠷᠳᠡᠭ ᠤᠨ ᠮᠠᠭᠠᠳᠯᠠᠯᠳᠠ ᠪᠤᠯᠤᠨ᠎ᠠ᠃       ᠨᠢᠭᠡ ᠲᠠᠯ᠎ᠠ ᠪᠠᠷ᠂ ᠦᠯᠦ ᠬᠥᠳᠡᠯᠬᠦ ᠬᠥᠷᠥᠩᠭᠡ ᠶᠢᠨ ᠦᠮᠴᠢᠯᠡᠯ ᠤᠨ ᠡᠷᠬᠡᠲᠦ ᠬᠥᠮᠦᠨ ᠨᠢ ᠪᠣᠳᠠᠲᠠᠢ ᠡᠵᠡᠮᠰᠢᠭᠴᠢ ᠠᠴᠠ ᠤᠭ ᠪᠣᠳᠠᠰ ᠢᠶᠠᠨ ᠪᠤᠴᠠᠭᠠᠨ ᠠᠪᠬᠤ᠂ ᠭᠡᠷ ᠪᠠᠶᠢᠰᠢᠩ ᠢᠶᠠᠨ ᠰᠤᠯᠠᠯᠠᠵᠤ ᠠᠪᠬᠤ ᠪᠠᠷ ᠱᠠᠭᠠᠷᠳᠠᠬᠤ ᠡᠷᠬᠡ ᠲᠠᠢ ᠭᠡᠵᠦ ᠬᠠᠤᠯᠢ ᠴᠠᠭᠠᠵᠠ ᠳᠤ ᠲᠣᠭᠲᠠᠭᠠᠭᠰᠠᠨ ᠪᠣᠯᠪᠠᠴᠤ ᠡᠵᠡᠮᠰᠢᠭᠴᠢ ᠨᠢ ᠡᠵᠡᠮᠳᠡᠬᠦ ᠡᠷᠬᠡ ᠦᠭᠡᠢ ᠪᠠᠷ ᠤᠷᠢᠳᠠᠯ ᠨᠥᠬᠦᠴᠡᠯ ᠪᠣᠯᠭᠠᠬᠤ ᠬᠡᠷᠡᠭᠲᠡᠢ᠃ ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ᠂ ᠲᠤᠬᠠᠢ ᠶᠢᠨ ᠬᠥᠮᠥᠨ ᠨᠢ ᠠᠰᠠᠷᠠᠨ ᠲᠡᠵᠢᠭᠡᠬᠦ᠂ ᠠᠰᠠᠷᠠᠨ ᠬᠠᠷᠠᠭᠠᠯᠵᠠᠬᠤ᠂ ᠲᠦᠷᠢᠶᠡᠰᠦᠯᠡᠭᠦᠯᠬᠦ᠂ ᠵᠢᠭᠡᠯᠡᠨ ᠬᠡᠷᠡᠭᠯᠡᠭᠦᠯᠬᠦ ᠵᠡᠷᠭᠡ ᠬᠠᠤᠯᠢ ᠴᠠᠭᠠᠵᠠ ᠶᠢᠨ ᠬᠠᠷᠢᠴᠠᠭ᠎ᠠ ᠳᠤ ᠰᠠᠭᠤᠷᠢᠯᠠᠵᠤ ᠪᠤᠰᠤᠳ ᠤᠨ ᠦᠮᠴᠢᠯᠡᠯ ᠤᠨ ᠡᠷᠬᠡᠳᠦ ᠭᠡᠷ ᠪᠠᠶᠢᠰᠢᠩ ᠳᠤ ᠰᠠᠭᠤᠬᠤ ᠡᠷᠬᠡ ᠶᠢ ᠣᠯᠵᠤ ᠪᠤᠯᠤᠨ᠎ᠠ᠃ ᠲᠤᠰ ᠬᠡᠷᠡᠭ ᠲᠤ᠂ ᠸᠠᠩ ᠣᠪᠣᠭᠲᠤ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠪᠣᠯᠤᠭᠰᠠᠨ ᠤ ᠬᠤᠪᠢ ᠳᠤ᠂ ᠲᠤᠰ ᠭᠡᠷ ᠪᠠᠶᠢᠰᠢᠩ ᠢ ᠡᠵᠡᠯᠡᠬᠦ᠂ ᠬᠡᠷᠡᠭᠯᠡᠬᠦ ᠵᠡᠷᠭᠡ ᠬᠤᠯᠪᠣᠭᠳᠠᠯ ᠪᠦᠬᠦᠢ ᠡᠷᠬᠡ ᠲᠠᠢ᠂ ᠭᠡᠪᠡᠴᠦ ᠵᠠᠩ ᠣᠪᠣᠭᠲᠤ ᠪᠣᠯᠤᠨ ᠸᠠᠩ ᠣᠪᠣᠭᠲᠤ ᠪᠣᠯ ᠡᠬᠡ ᠬᠡᠦᠬᠡᠨ ᠤ ᠬᠠᠷᠢᠴᠠᠭ᠎ᠠ ᠲᠠᠢ᠂ ᠸᠠᠩ ᠣᠪᠣᠭᠲᠤ ᠨᠢ ᠡᠵᠢ ᠵᠠᠩ ᠣᠪᠣᠭᠲᠤ ᠶᠢᠨ ᠨᠠᠰᠤ ᠠᠬᠠᠰᠢᠷᠠᠬᠤ ᠦᠶ᠎ᠡ ᠳᠤ ᠲᠡᠭᠦᠨ ᠳᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡ ᠲᠠᠢ᠂ ᠡᠶᠢᠮᠦ ᠠᠴᠠ ᠵᠠᠩ ᠣᠪᠣᠭᠲᠤ ᠠᠰᠠᠷᠠᠨ ᠲᠡᠵᠢᠭᠡᠬᠦ ᠬᠠᠷᠢᠴᠠᠭ᠎ᠠ ᠳᠤ ᠰᠠᠭᠤᠷᠢᠯᠠᠵᠤ ᠸᠠᠩ ᠣᠪᠣᠭᠲᠤ ᠶᠢᠨ ᠦᠮᠴᠢᠯᠡᠯ ᠤᠨ ᠡᠷᠬᠡᠳᠦ ᠭᠡᠷ ᠪᠠᠶᠢᠰᠢᠩ ᠳᠤ ᠰᠠᠭᠤᠬᠤ᠂ ᠡᠵᠡᠯᠡᠬᠦ ᠡᠷᠬᠡ ᠲᠠᠢ ᠪᠠᠶᠢᠵᠦ ᠪᠤᠯᠤᠨ᠎ᠠ᠃        ᠨᠥᠭᠦᠭᠡ ᠲᠠᠯ᠎ᠠ ᠪᠠᠷ᠂ ᠬᠡᠳᠦ᠋ᠢᠪᠡᠷ ᠵᠠᠩ ᠣᠪᠣᠭᠲᠤ ᠳᠤ᠂ ᠥᠭᠡᠷ᠎ᠡ ᠨᠢᠭᠡ ᠭᠡᠷ ᠪᠠᠶᠢᠰᠢᠩ ᠪᠠᠶᠢᠬᠤ ᠪᠣᠯᠪᠠᠴᠤ ᠲᠣᠰ ᠬᠡᠷ ᠪᠠᠶᠢᠰᠢᠩ ᠤᠨ ᠲᠠᠯᠠᠪᠠᠶ᠂ ᠣᠷᠣᠨ ᠪᠠᠶᠢᠷᠢ ᠪᠤᠶᠤ ᠰᠠᠭᠤᠷᠢ ᠲᠥᠬᠦᠭᠡᠷᠦᠮᠵᠢ ᠶᠢᠨ ᠪᠠᠶᠢᠳᠠᠯ ᠨᠢ ᠴᠥᠮ ᠨᠠᠰᠤᠲᠠᠳ ᠲᠤ ᠳᠣᠭᠢᠷᠠᠬᠤ ᠥᠬᠡᠶ᠂ ᠭᠠᠭᠴᠠᠭᠠᠷ ᠰᠠᠭᠤᠬᠤ ᠳᠤ ᠳᠣᠭᠢᠷᠠᠬᠤ ᠥᠬᠡᠶ ᠪᠠᠶᠢᠬᠤ ᠶᠢᠨ ᠬᠠᠮᠲᠤ ᠵᠠᠩ ᠣᠪᠣᠭᠲᠤ ᠬᠡᠷᠡᠭ ᠲᠤ ᠬᠤᠯᠪᠤᠭᠳᠠᠭᠰᠠᠨ ᠬᠡᠷ ᠪᠠᠶᠢᠰᠢᠩ ᠳᠤ ᠭᠠᠭᠴᠠᠭᠠᠷ ᠢᠶᠠᠨ ᠠᠷᠪᠠ ᠭᠠᠷᠤᠶ ᠵᠢᠯ ᠰᠠᠭᠤᠭᠰᠠᠨ ᠂ ᠡᠪᠡᠳᠴᠢᠨ ᠦᠵᠡᠭᠦᠯᠬᠦ ᠵᠡᠷᠭᠡ ᠡᠳᠦᠷ ᠲᠤᠲᠤᠮ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠨ ᠤᠶᠢᠯᠠᠭᠠᠳᠠᠭ ᠂ ᠭᠡᠨᠡᠳᠲᠡ ᠣᠷᠣᠰᠢᠨ ᠰᠠᠭᠤᠬᠤ ᠭᠠᠵᠠᠷ ᠵᠢᠴᠢ ᠣᠷᠴᠢᠨ ᠲᠣᠭᠤᠷᠢᠨ ᠢ ᠬᠤᠪᠢᠷᠠᠭᠤᠯᠬᠤ ᠨᠢ ᠵᠠᠩ ᠣᠪᠣᠭᠲᠤ ᠶᠢᠨ ᠠᠮᠢᠳᠤᠷᠠᠯ ᠳᠤ ᠬᠦᠨᠳᠦ ᠨᠣᠴᠢᠲᠠᠶ ᠨᠥᠯᠥᠭᠡ ᠦᠵᠡᠭᠦᠯᠦᠨ᠎ᠡ᠂ ᠡᠭᠦᠨ ᠢ ᠦᠨᠳᠦᠰᠦᠯᠡᠨ ᠵᠠᠩ ᠣᠪᠣᠭᠲᠤ ᠶᠢᠨ ᠬᠡᠷ ᠪᠠᠶᠢᠰᠢᠩ ᠰᠤᠯᠠᠯᠠᠬᠤ ᠨᠥᠬᠦᠴᠡᠯ ᠪᠦᠷᠢᠯᠳᠦᠭᠡᠳᠦᠢ ᠭᠡᠵᠦ ᠦᠵᠡᠵᠦ ᠪᠤᠯᠤᠨ᠎ᠠ᠃      ᠳᠡᠭᠡᠷᠡᠬᠢ ᠬᠦᠴᠦᠨ ᠵᠦᠢᠯ ᠢ ᠶᠡᠷᠦᠩᠬᠡᠶᠢᠯᠡᠨ᠂ ᠪᠡᠭᠡᠵᠢᠩ ᠤᠨ ᠬᠤᠶᠠᠳᠤᠭᠠᠷ ᠲᠤᠮᠳᠠ ᠵᠡᠷᠭᠡ ᠶᠢᠨ ᠰᠢᠭᠦᠬᠦ ᠬᠤᠷᠢᠶ᠎ᠠ ᠸᠠᠩ ᠤᠪᠤᠭᠳᠤ ᠶᠢᠨ ᠵᠠᠭᠠᠯᠳᠤᠯᠭ᠎ᠠ ᠶᠢ ᠨᠢᠴᠤᠭᠠᠪᠠ᠃      ᠪᠤᠳᠠᠰ ᠤᠨ ᠦᠮᠴᠢᠯᠡᠬᠦ ᠡᠷᠬᠡ ᠨᠢ ᠬᠡᠳᠦ᠋ᠢᠪᠡᠷ ᠲᠠᠰᠤᠷᠬᠠᠢ ᠡᠷᠬᠡ ᠪᠤᠯᠬᠤ ᠪᠤᠯᠪᠠᠴᠤ ᠡᠷᠬᠡ ᠪᠠᠨ ᠲᠤᠷ᠎ᠠ ᠪᠠᠷ ᠢᠶᠠᠨ ᠬᠡᠷᠡᠭᠵᠢᠭᠦᠯᠵᠦ ᠪᠤᠯᠬᠤ ᠦᠭᠡᠢ      ᠲᠤᠰ ᠬᠡᠷᠡᠭ ᠤᠨ ᠭᠤᠣᠯ ᠰᠢᠭᠦᠭᠴᠢ ᠶᠢᠨ ᠦᠵᠡᠬᠦ ᠪᠠᠷ᠂ ᠲᠥᠷᠥᠯ ᠰᠠᠳᠤᠨ ᠤ ᠬᠤᠭᠤᠷᠤᠨᠳᠤᠬᠢ ᠭᠡᠷ ᠪᠠᠶᠢᠰᠢᠩ ᠰᠤᠯᠠᠯᠠᠬᠤ ᠵᠢᠭᠤᠷᠠᠯᠳᠤᠭᠠᠨ ᠢ ᠡᠩ ᠤᠨ ᠪᠠᠶᠢᠳᠠᠯ ᠳᠤ ᠭᠤᠷᠪᠠᠨ ᠲᠠᠯ᠎ᠠ ᠠᠴᠠ ᠬᠢᠨᠠᠨ ᠪᠠᠶᠢᠴᠠᠭᠠᠬᠤ ᠬᠡᠷᠡᠭᠲᠡᠢ᠄      ᠡᠩ ᠲᠡᠷᠢᠭᠦᠨ ᠳᠤ᠂ ᠬᠠᠤᠯᠢ ᠴᠠᠭᠠᠵᠠ ᠶᠢᠨ ᠲᠣᠭᠲᠠᠭᠠᠯ ᠠᠴᠠ ᠦᠵᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠤᠶᠠᠷ ᠵᠠᠭᠤ ᠭᠤᠴᠢᠨ ᠲᠠᠪᠤᠳᠤᠭᠠᠷ ᠵᠦᠢᠯ ᠳᠤ᠂ ᠥᠯᠥ ᠬᠥᠳᠡᠯᠬᠦ ᠬᠥᠷᠥᠩᠭᠡ ᠶᠢ ᠡᠵᠡᠯᠡᠬᠦ ᠡᠷᠬᠡ ᠦᠭᠡᠢ ᠡᠷᠬᠡᠲᠦ ᠬᠥᠮᠦᠨ ᠠᠴᠠ ᠤᠤᠯ ᠤᠨ ᠪᠣᠳᠠᠰ ᠢᠶᠠᠨ ᠪᠤᠴᠠᠭᠠᠨ ᠠᠪᠬᠤ ᠪᠠᠷ ᠭᠤᠶᠤᠴᠢᠯᠠᠵᠤ ᠪᠣᠯᠤᠨ᠎ᠠ᠃ ᠦᠯᠦ ᠬᠥᠳᠡᠯᠬᠦ ᠬᠥᠷᠥᠩᠭᠡ ᠶᠢᠨ ᠡᠷᠬᠡᠲᠦ ᠬᠥᠮᠥᠨ ᠪᠣᠳᠠᠲᠠᠢ ᠡᠵᠡᠯᠡᠭᠴᠢ ᠠᠴᠠ ᠤᠭ ᠪᠣᠳᠠᠰ ᠢᠶᠠᠨ ᠪᠤᠴᠠᠭᠠᠵᠤ ᠥᠭᠬᠦ᠂ ᠭᠡᠷ ᠪᠠᠶᠢᠰᠢᠩ ᠢᠶᠠᠨ ᠰᠤᠯᠠᠯᠠᠵᠤ ᠥᠭᠬᠦ ᠪᠠᠷ ᠭᠤᠶᠤᠴᠢᠯᠠᠪᠠᠯ᠂ ᠡᠵᠡᠯᠡᠭᠴᠢ ᠶᠢᠨ ᠪᠦᠷᠢᠯᠳᠦᠯ ᠢᠶᠠᠷ ᠤᠷᠢᠲᠠᠯ ᠨᠥᠬᠦᠴᠡᠯ ᠪᠣᠯᠭᠠᠬᠤ ᠬᠡᠷᠡᠭᠲᠡᠢ᠃ ︽ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠨᠠᠰᠣᠲᠠᠶᠢᠴᠣᠣᠠ ᠤᠨ ᠡᠷᠭᠡ ᠠᠰᠢᠭ ᠢ ᠪᠠᠲᠣᠯᠠᠬᠤ ᠬᠠᠣᠯᠢ︾ ᠶᠢᠨ ᠠᠷᠪᠠ ᠵᠢᠷᠭᠤᠲᠣᠭᠠᠷ ᠵᠦᠢᠯ ᠳᠤ ᠳᠣᠬᠲᠠᠭᠠᠬᠰᠠᠨ ᠨᠢ᠂ ᠠᠰᠠᠷᠠᠨ ᠲᠡᠵᠢᠭᠡᠭᠴᠢ ᠨᠠᠰᠣᠲᠠᠶᠢᠴᠣᠣᠠ ᠤᠨ ᠣᠷᠣᠠ ᠰᠠᠭᠤᠴᠠ ᠶᠢ ᠳᠣᠭᠢᠲᠠᠢ ᠪᠠᠶᠢᠷᠢᠰᠢᠭᠤᠯᠣᠠ᠂ ᠨᠠᠰᠣᠲᠠᠶᠢᠴᠣᠣᠠ ᠢ ᠠᠯᠪᠠᠲᠠᠨ ᠨᠦᠭᠦᠴᠠᠯ ᠮᠠᠭᠤ ᠬᠡᠷ ᠪᠠᠶᠢᠰᠢᠩ ᠳᠤ ᠰᠠᠭᠤᠯᠭᠠᠵᠤ ᠪᠤᠯᠬᠤ ᠣᠢᠭᠡᠢ᠃ ᠪᠣᠳᠠᠲᠠᠢ ᠪᠠᠷ ᠲᠤᠰ ᠬᠡᠷᠡᠭ ᠲᠤ ᠵᠠᠩ ᠣᠪᠣᠭᠲᠤ ᠶᠡᠷᠡᠨ ᠨᠠᠰᠤ ᠬᠦᠷᠦᠭᠰᠡᠨ ᠡᠵᠢ ᠪᠣᠯᠤᠭᠰᠠᠨ ᠤ ᠬᠤᠪᠢ ᠳᠤ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠳᠡᠭᠴᠢ ᠶᠢᠨ ᠨᠥᠬᠦᠴᠡᠯ ᠳᠤ ᠨᠡᠶᠢᠴᠡᠨ᠎ᠡ ᠂ ᠸᠠᠩ ᠣᠪᠣᠭᠲᠤ  ᠠᠴᠠ ᠵᠠᠩ ᠣᠪᠣᠭᠲᠤ ᠶᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡ ᠲᠠᠢ᠂ ᠬᠠᠷᠢᠨ ᠲᠤᠰ ᠡᠭᠦᠷᠭᠡ ᠶᠢᠨ ᠪᠣᠳᠠᠲᠠᠢ ᠠᠭᠤᠯᠭ᠎ᠠ ᠨᠢ ᠠᠰᠠᠷᠠᠨ ᠲᠡᠵᠢᠭᠡᠭᠳᠡᠭᠴᠢ ᠪᠠᠷ ᠣᠷᠣᠨ ᠰᠠᠭᠤᠴᠠ ᠪᠠᠨ ᠲᠣᠬᠢᠲᠠᠢ ᠲᠤᠬᠢᠷᠠᠭᠤᠯᠵᠤ ᠪᠠᠶᠢᠭ᠎ᠠ  ᠪᠣᠯᠬᠤᠷ ᠵᠠᠩ ᠣᠪᠣᠭᠲᠤ ᠠᠴᠠ ᠸᠠᠩ ᠣᠪᠣᠭᠲᠤ ᠶᠢᠨ ᠭᠦᠢᠴᠡᠳᠬᠡᠬᠦ ᠶᠣᠰᠣᠲᠠᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡ ᠳᠤ ᠰᠠᠭᠤᠷᠢᠯᠠᠵᠤ ᠸᠠᠩ ᠣᠪᠣᠭᠲᠤ ᠶᠢᠨ ᠦᠮᠴᠢᠯᠡᠯ ᠤᠨ ᠡᠷᠬᠡᠳᠦ ᠭᠡᠷ ᠪᠠᠶᠢᠰᠢᠩ ᠳᠤ ᠰᠠᠭᠤᠵᠤ ᠡᠵᠡᠯᠡᠬᠦ ᠡᠷᠬᠡ ᠲᠠᠢ ᠪᠠᠶᠢᠵᠦ ᠪᠤᠯᠤᠨ᠎ᠠ᠃ ᠡᠶᠢᠮᠦ ᠠᠴᠠ ᠥᠬᠢᠨ ᠨᠢ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠤ ᠪᠡᠶ᠎ᠡ ᠶᠢᠨ ᠭᠠᠷᠤᠯ ᠢᠶᠠᠷ ᠡᠵᠢ ᠪᠠᠨ ᠭᠡᠷ ᠪᠠᠶᠢᠰᠢᠩ ᠰᠤᠯᠠᠯᠠᠬᠤ ᠪᠠᠷ ᠱᠠᠭᠠᠷᠳᠠᠪᠠᠯ᠂ ᠬᠠᠤᠯᠢ ᠶᠣᠰᠣᠭᠠᠷ ᠳᠡᠮᠵᠢᠯᠭᠡ ᠦᠵᠡᠭᠦᠯᠬᠦ ᠦᠭᠡᠢ᠃        ᠳᠠᠷᠠᠭᠠᠯᠠᠪᠠᠯ᠂ ᠪᠤᠰᠤᠳᠴᠢ ᠪᠠᠶᠢᠳᠠᠯ ᠠᠴᠠ ᠡᠭᠦᠰᠴᠦ᠂ ᠥᠮᠴᠢᠯᠡᠯ ᠤᠨ ᠡᠷᠬᠡᠲᠦ ᠬᠥᠮᠦᠨ ᠨᠢ ᠤᠤᠯ ᠤᠨ ᠪᠣᠳᠠᠰ ᠢ ᠪᠤᠴᠠᠭᠠᠬᠤ ᠪᠠᠷ ᠬᠡᠷᠡᠭ ᠤᠨ ᠰᠢᠯᠲᠠᠭᠠᠨ ᠪᠣᠯᠭᠠᠵᠤ ᠪᠣᠳᠠᠲᠠᠶ ᠬᠡᠷᠡᠭᠯᠡᠭᠴᠢ ᠶᠢ ᠭᠡᠷ ᠪᠠᠶᠢᠰᠢᠩ ᠢ ᠰᠤᠯᠠᠯᠠᠵᠤ ᠥᠭᠬᠦ ᠪᠠᠷ ᠱᠠᠭᠠᠷᠳᠠᠭᠰᠠᠨ ᠪᠠᠶᠢᠪᠠᠯ᠂ ᠬᠡᠷᠡᠭ ᠢ ᠰᠢᠭᠦᠬᠦ ᠶᠠᠪᠤᠴᠠ ᠳᠤ ᠪᠣᠳᠠᠲᠠᠶ ᠬᠡᠷᠡᠭᠯᠡᠭᠴᠢ ᠶᠢᠨ ᠭᠡᠷ ᠪᠠᠶᠢᠰᠢᠩ ᠰᠤᠯᠠᠯᠠᠬᠤ ᠪᠤᠰᠤᠳᠴᠢ ᠨᠥᠬᠦᠴᠡᠯ ᠢ ᠪᠦᠷᠢᠯᠳᠦᠭᠦᠯᠦᠭᠰᠡᠨ ᠡᠰᠡᠬᠦ ᠶᠢ ᠬᠢᠨᠠᠨ ᠪᠠᠶᠢᠴᠠᠭᠠᠨ᠎ᠠ᠃ ᠬᠠᠤᠯᠢ ᠵᠦᠢ ᠶᠢᠨ ᠲᠠᠯ᠎ᠠ ᠪᠠᠷ᠂ ᠪᠣᠳᠠᠰ ᠤᠨ ᠡᠷᠬᠡ ᠶᠢᠨ ᠦᠨᠡᠮᠯᠡᠬᠦ ᠰᠢᠨᠵᠢ ᠴᠢᠨᠠᠷ ᠲᠠᠢ᠂ ᠲᠤᠬᠠᠶᠢᠯᠠᠪᠠᠯ ᠡᠷᠬᠡᠲᠦ ᠬᠦᠮᠦᠨ ᠥᠪᠡᠷ ᠤᠨ ᠡᠷᠬᠡ ᠶᠢᠨ ᠬᠠᠷᠰᠢᠯᠠᠯ ᠢ ᠦᠭᠡᠶᠢᠰᠬᠡᠬᠦ ᠶᠢ ᠱᠠᠭᠠᠷᠳᠠᠵᠤ ᠪᠣᠯᠤᠨ᠎ᠠ  ᠃ ᠭᠡᠪᠡᠴᠦ ᠦᠢᠯᠡᠳᠦᠯᠭᠡ ᠶᠢᠨ ᠳᠤᠮᠳᠠ᠂ ᠥᠯᠥ ᠬᠥᠳᠡᠯᠬᠦ ᠬᠥᠷᠥᠩᠭᠡ ᠶᠢᠨ ᠪᠣᠳᠠᠲᠠᠶ ᠬᠡᠷᠡᠭᠯᠡᠯᠲᠡ ᠶᠢᠨ ᠪᠠᠶᠢᠳᠠᠯ ᠨᠢ ᠡᠷᠬᠡ ᠶᠢᠨ ᠬᠠᠷᠢᠶᠠᠯᠠᠯ ᠤᠨ ᠳᠡᠩᠰᠡᠯᠡᠯᠲᠡ ᠶᠢᠨ ᠪᠠᠶᠢᠳᠠᠯ ᠲᠠᠢ ᠨᠢᠭᠡᠳᠦᠯ ᠥᠬᠡᠶ ᠪᠠᠶᠢᠳᠠᠯ ᠪᠠᠶᠢᠨ ᠳᠠᠬᠢᠨ ᠡᠭᠦᠰᠴᠦ᠂ ᠢᠯᠠᠩᠭᠤᠶ᠎ᠠ ᠡᠴᠢᠭᠡ ᠡᠬᠡ ᠬᠢᠭᠡᠳ ᠦᠷ᠎ᠡ ᠬᠡᠦᠬᠡᠳ ᠪᠤᠶᠤ ᠬᠡᠷ ᠪᠦᠯᠢ ᠲᠥᠷᠥᠯ ᠰᠠᠳᠤᠨ ᠤ ᠬᠤᠭᠤᠷᠣᠨᠳᠣ ᠲᠣᠰ ᠲᠥᠷᠥᠯ ᠤᠨ ᠪᠠᠶᠢᠳᠠᠯ ᠨᠢ ᠴᠥᠭᠡᠨ ᠪᠤᠰᠤ ᠪᠠᠶᠢᠳᠠᠭ᠃ ᠭᠡᠷ ᠪᠦᠯᠢ ᠶᠢᠨ ᠳᠣᠲᠣᠭᠠᠳᠤ ᠳᠤ ᠭᠡᠷ ᠪᠠᠶᠢᠰᠢᠩ ᠰᠤᠯᠠᠯᠠᠬᠤ ᠵᠢᠭᠤᠷᠠᠯᠳᠤᠭᠠᠨ ᠳᠤ ᠶᠡᠷᠦ ᠨᠢ ᠬᠠᠮᠲᠤ ᠰᠠᠭᠤᠬᠤ᠂ ᠥᠪ ᠵᠠᠯᠭᠠᠮᠵᠢᠯᠠᠬᠤ ᠵᠡᠷᠭᠡ ᠭᠡᠷ ᠪᠦᠯᠢ ᠶᠢᠨ ᠠᠮᠢᠳᠤᠷᠠᠯ ᠤᠨ ᠠᠬᠤᠢ ᠪᠠᠶᠢᠳᠠᠯ ᠲᠠᠢ ᠬᠤᠯᠪᠣᠭ᠎ᠠ ᠲᠠᠢ ᠪᠤᠳᠤᠯᠢᠶᠠᠨᠲᠠᠢ ᠰᠢᠯᠲᠠᠭᠠᠨ ᠲᠠᠢ ᠪᠠᠶᠢᠳᠠᠭ᠂ ᠬᠡᠷᠪᠡ ᠵᠥᠪᠬᠡᠨ ᠪᠣᠳᠠᠰ ᠤᠨ ᠡᠷᠬᠡᠲᠦ ᠬᠥᠮᠦᠨ ᠤ ᠪᠡᠶ᠎ᠡ ᠶᠢᠨ ᠭᠠᠷᠤᠯ ᠢᠶᠠᠷ ᠪᠤᠰᠤᠳ ᠢ ᠭᠡᠷ ᠪᠠᠶᠢᠰᠢᠩ ᠢᠶᠠᠨ ᠰᠤᠯᠠᠯᠠᠵᠤ ᠥᠭᠬᠦ ᠶᠢ ᠱᠠᠭᠠᠷᠳᠠᠵᠤ ᠪᠣᠯᠤᠨ᠎ᠠ᠃ ᠰᠢᠭᠦᠨ ᠲᠠᠰᠤᠯᠤᠯᠲᠠ ᠶᠢᠨ ᠨᠡᠶᠢᠭᠡᠮ ᠤᠨ ᠲᠥᠪ ᠭᠤᠣᠯᠴᠢ ᠦᠷ᠎ᠡ ᠪᠦᠲᠦᠮᠵᠢ ᠶᠢ ᠬᠥᠭᠡᠭᠡᠴᠡᠯᠳᠦᠬᠦ ᠶᠢᠨ ᠲᠥᠯᠥᠭᠡ᠂ ᠬᠠᠤᠯᠢ ᠴᠠᠭᠠᠵᠠ ᠶᠢᠨ ᠬᠥᠮᠦᠨ ᠰᠣᠶᠣᠯ ᠤᠨ ᠬᠠᠯᠠᠮᠵᠢᠯᠠᠯ ᠢ ᠢᠯᠡᠷᠡᠭᠦᠯᠵᠦ᠂ ᠪᠣᠳᠠᠲᠠᠶ ᠬᠡᠷᠡᠭᠯᠡᠭᠴᠢ ᠶᠢᠨ ᠭᠡᠷ ᠪᠠᠶᠢᠰᠢᠩ ᠰᠤᠯᠠᠯᠠᠬᠤ ᠨᠥᠬᠦᠴᠡᠯ ᠢ ᠬᠢᠨᠠᠨ ᠪᠠᠶᠢᠴᠠᠭᠠᠬᠤ ᠶᠢ ᠪᠦᠷᠢᠯᠳᠦᠭᠦᠯᠦᠭᠰᠡᠨ ᠡᠰᠡᠬᠦ ᠳᠤ ᠬᠡᠲᠦᠷᠬᠡᠶ ᠮᠧᠬᠠᠨᠢᠭ ᠪᠠᠶᠢᠵᠤ ᠪᠣᠯᠬᠤ ᠦᠭᠡᠢ᠃ ᠲᠤᠰ ᠬᠡᠷᠡᠭ ᠲᠤ᠂ ᠶᠡᠷᠡᠨ ᠨᠠᠰᠤ ᠬᠦᠷᠦᠭᠰᠡᠨ ᠡᠵᠢ ᠭᠠᠭᠴᠠᠭᠠᠷ ᠤᠯᠤᠰ ᠤᠨ ᠳᠣᠲᠣᠭᠠᠳᠤ ᠳᠤ ᠰᠠᠭᠤᠵᠤ᠂ ᠳᠥᠭᠦᠮ ᠳᠥᠲᠡ ᠣᠷᠣᠨ ᠰᠠᠭᠤᠴᠠ ᠶᠢᠨ ᠣᠷᠴᠢᠨ ᠲᠣᠭᠤᠷᠢᠨ ᠨᠢ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠳᠤ ᠲᠦᠢᠯ ᠤᠨ ᠴᠢᠬᠤᠯᠠ ᠪᠠᠶᠢᠳᠠᠭ᠂ ᠭᠡᠨᠡᠳᠲᠡ ᠣᠷᠣᠨ ᠰᠠᠭᠤᠴᠠ ᠶᠢᠨ ᠭᠠᠵᠠᠷ ᠵᠢᠴᠢ ᠣᠷᠴᠢᠨ ᠲᠣᠭᠤᠷᠢᠨ ᠢ ᠬᠤᠪᠢᠷᠠᠭᠤᠯᠪᠠᠯ ᠲᠡᠭᠦᠨ ᠤ ᠠᠮᠢᠳᠤᠷᠠᠯ ᠳᠤ ᠬᠦᠨᠳᠦ ᠨᠣᠴᠢᠲᠠᠶ ᠨᠥᠯᠥᠭᠡ ᠦᠵᠡᠭᠦᠯᠬᠦ ᠨᠢ ᠳᠠᠮᠵᠢᠭ ᠦᠭᠡᠢ ᠶᠤᠮ᠃      ᠡᠴᠦᠰ ᠲᠤ᠂ ᠨᠡᠶᠢᠲᠡ ᠶᠢᠨ ᠡᠮᠬᠢ ᠵᠢᠷᠤᠮ ᠪᠠ ᠬᠡᠪ ᠵᠠᠩᠰᠢᠯ ᠤᠨ ᠲᠠᠯ᠎ᠠ ᠠᠴᠠ ᠪᠣᠳᠣᠯᠬᠢᠯᠠᠵᠤ᠂ ᠭᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠬᠠᠷᠢᠯᠴᠠᠨ ᠠᠭᠤᠴᠢᠯᠠᠵᠤ ᠬᠠᠷᠢᠯᠴᠠᠨ ᠨᠠᠶᠢᠷ ᠲᠠᠯᠪᠢᠵᠤ᠂ ᠪᠦᠯᠬᠦᠮᠳᠡᠨ ᠨᠢᠭᠲᠠᠷᠠᠵᠤ᠂ ᠭᠡᠷ ᠪᠦᠯᠢ ᠶᠢᠨ ᠵᠥᠷᠢᠴᠡᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠥᠮᠴᠢᠯᠡᠯ ᠤᠨ ᠡᠷᠬᠡᠲᠦ ᠬᠥᠮᠦᠨ ᠤ ᠪᠣᠳᠠᠰ ᠤᠨ ᠡᠷᠬᠡ ᠶᠢᠨ ᠬᠦᠭᠡᠭᠡᠴᠤᠯᠳᠤᠯ ᠪᠠ ᠨᠠᠰᠤᠲᠠᠨ ᠢᠶᠠᠨ ᠠᠰᠠᠷᠠᠨ ᠲᠡᠵᠢᠭᠡᠬᠦ ᠬᠠᠤᠯᠢ ᠪᠠᠷ ᠲᠣᠭᠲᠠᠭᠠᠭᠰᠠᠨ ᠡᠭᠦᠷᠭᠡ ᠯᠦᠭᠡ ᠮᠥᠷᠭᠦᠯᠳᠦᠭᠡᠨ ᠭᠠᠷᠬᠤ ᠦᠶ᠎ᠡ ᠳᠤ᠂ ᠬᠡᠷᠪᠡ ᠡᠳ᠋ ᠬᠥᠷᠥᠩᠭᠡ ᠶᠢᠨ ᠡᠷᠬᠡ ᠪᠠᠨ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡ ᠶᠢᠨ ᠳᠡᠭᠡᠷ᠎ᠡ ᠲᠠᠯᠪᠢᠪᠠᠯ᠂ ᠨᠡᠶᠢᠲᠡ ᠶᠢᠨ ᠡᠮᠬᠢ ᠳᠢᠭᠯᠢᠮ ᠪᠠ ᠰᠠᠶᠢᠨ ᠰᠠᠶᠢᠬᠠᠨ ᠬᠡᠪ ᠵᠠᠩᠰᠢᠯ ᠲᠠᠢ ᠬᠠᠷᠰᠢᠯᠳᠤᠬᠤ ᠨᠢ ᠢᠯᠡᠷᠬᠡᠶ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠨᠢ ︽ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ︾  ᠬᠠᠤᠯᠢ ᠲᠣᠭᠲᠠᠭᠠᠬᠤ ᠬᠠᠷᠠᠯᠳᠠ ᠪᠠ ᠵᠣᠷᠢᠯᠭ᠎ᠠ ᠪᠤᠯᠭᠠᠵᠠᠢ᠂ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠲᠠᠰᠤᠯᠤᠨ ᠲᠣᠭᠲᠠᠭᠠᠯᠲᠠ ᠨᠢ ᠨᠠᠩ ᠴᠤ ᠲᠤᠬᠠᠶ ᠶᠢᠨ ᠬᠥᠮᠦᠨ ᠢ ᠬᠥᠲᠥᠯᠥᠨ ᠵᠢᠯᠣᠭᠤᠳᠴᠤ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠶ ᠦᠢᠯᠡᠳᠦᠯᠭᠡᠵᠢᠭᠦᠯᠵᠦ᠂ ᠡᠶ᠎ᠡ ᠵᠣᠬᠢᠴᠠᠯ ᠲᠠᠢ ᠨᠥᠬᠦᠷᠰᠡᠭ ᠬᠡᠷ ᠪᠦᠯᠢ ᠶᠢᠨ ᠠᠭᠤᠷ ᠠᠮᠢᠰᠬᠤᠯ ᠢ ᠪᠠᠶᠢᠭᠤᠯᠬᠤ ᠬᠡᠷᠡᠭᠲᠡᠶ᠃ ᠭᠡᠷ ᠪᠦᠯᠢ ᠶᠢᠨ ᠢᠬᠢᠷ ᠰᠢᠬᠢᠷ ᠶᠠᠪᠤᠳᠠᠯ ᠪᠠᠶᠢᠨ ᠳᠠᠬᠢᠨ ᠵᠥᠷᠢᠴᠡᠯ ᠲᠠᠢ ᠪᠠᠶᠢᠬᠤ ᠨᠢ ᠵᠠᠶᠢᠯᠠᠰᠢ ᠦᠭᠡᠢ ᠪᠠᠶᠢᠳᠠᠭ᠂ ᠭᠡᠪᠡᠴᠦ ᠨᠠᠰᠤᠲᠠᠨ ᠢᠶᠠᠨ ᠬᠦᠨᠳᠦᠯᠡᠵᠦ ᠲᠦᠷᠦᠯ ᠰᠠᠳᠤᠨ ᠳᠠᠭᠠᠨ ᠰᠢᠳᠤᠷᠭᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠡᠷᠬᠢᠮᠯᠡᠵᠦ᠂ ᠠᠴᠢᠯᠠᠯ ᠡᠯᠪᠡᠷᠢᠯ ᠵᠢᠷᠤᠮ ᠢ ᠭᠦᠢᠴᠡᠳᠭᠡᠨ᠂ ᠭᠡᠷ ᠪᠦᠯᠢ ᠶᠢᠨ ᠠᠮᠢᠳᠤᠷᠠᠯ‌‍ᠤᠨ ᠵᠤᠯ ᠵᠢᠷᠭᠠᠯ ᠢ ᠪᠦᠳᠦᠭᠡᠨ ᠪᠠᠶᠢᠭᠤᠯᠪᠠᠯ ᠵᠤᠬᠢᠨ᠎ᠠ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠠᠷᠠᠳ ᠤᠨ ᠰᠢᠭᠦᠬᠦ ᠬᠤᠷᠢᠶᠠᠨ ᠤ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1