ᠴᠢᠨᠠᠷ ᠰᠠᠶᠢᠲᠠᠢ ᠬᠥᠭᠵᠢᠯᠲᠡ ᠪᠠᠷ ᠪᠠᠷᠢᠯᠭ᠎ᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ
ᠨᠡᠶᠢᠲᠡᠯᠡᠭᠰᠡᠨ ᠴᠠᠭ᠄
2024/8/28
      ᠪᠠᠷᠢᠯᠭ᠎ᠠ ᠶᠢᠨ ᠦᠢᠯᠡᠰ ᠪᠣᠯ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠠᠵᠤ ᠦᠢᠯᠡᠰ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠶᠢ ᠡᠭᠦᠳᠦᠨ ᠡᠷᠡᠯᠬᠡᠭᠯᠡᠨ ᠤᠷᠤᠭᠰᠢᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠵᠢᠯᠲᠠ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ 8 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠬᠢᠯᠡᠭᠰᠡᠨ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠶᠠᠮᠤᠨ ᠤ ᠰᠠᠶᠢᠳ ᠨᠢ ᠬᠤᠩ᠂ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠃ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠠᠷᠢᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠠᠢ ᠭᠡᠵᠤ ᠢᠯᠡᠷᠬᠡᠶᠢᠯᠡᠪᠡ᠃      ᠢᠯᠡᠳᠲᠡ ᠠᠮᠵᠢᠯᠲᠠ ᠪᠦᠲᠦᠮᠵᠢ ᠣᠯᠵᠤ ︽ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ︾ ᠨᠡᠷᠡᠲᠦ ᠲᠡᠮᠳᠡᠭ ᠢ ᠪᠣᠢ ᠪᠣᠯᠭᠠᠪᠠ᠃ ᠴᠢᠨᠠᠷ ᠰᠠᠶᠢᠲᠠᠢ ᠬᠥᠭᠵᠢᠯᠲᠡ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠤᠨ ᠵᠣᠷᠢᠭᠵᠢᠭᠤᠯᠵᠤ ᠴᠢᠳᠠᠬᠤ ᠬᠥᠭᠵᠢᠯᠲᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠪᠠᠷᠢᠯᠭ᠎ᠠ ᠶᠢᠨ ᠦᠢᠯᠡᠰ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠯᠠᠮᠵᠢᠯᠠᠯᠲᠤ ᠪᠠᠷᠢᠯᠭ᠎ᠠ ᠶᠢᠨ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠶᠢ ᠬᠦᠳᠦᠯᠦᠨ ᠳᠠᠭᠠᠭᠤᠯᠵᠤ᠂ ᠮᠠᠨ ᠤ ᠤᠯᠤᠰ ᠢᠶᠠᠨ ︽ᠪᠦᠳᠦᠭᠡᠨ ᠪᠠᠶᠢᠭᠤᠯᠤᠯᠳᠠ ᠶᠢᠨ ᠲᠤᠮᠤ ᠤᠯᠤᠰ︾ ᠠᠴᠠ ︽ᠪᠦᠳᠦᠭᠡᠨ ᠪᠠᠶᠢᠭᠤᠯᠤᠯᠳᠠ ᠶᠢᠨ ᠬᠦᠴᠦᠷᠬᠡᠭ ᠤᠯᠤᠰ ︾ ᠲᠡᠶᠢᠰᠢ ᠬᠤᠪᠢᠷᠠᠭᠤᠯᠬᠤ ᠶᠢ ᠠᠬᠢᠭᠤᠯᠵᠤ᠂ ︽ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ︾ ᠲᠦᠷᠦᠯ ᠲᠡᠮᠳᠡᠭᠳᠦ ᠶᠢ ᠪᠤᠢ ᠪᠤᠯᠭᠠᠨ᠎ᠠ᠃ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠲᠠᠢ ᠪᠠᠷᠢᠯᠭ᠎ᠠ ᠶᠢᠨ ᠠᠵᠢᠯ ᠤᠨ ᠲᠥᠬᠦᠭᠡᠷᠦᠮᠵᠢ ᠪᠠᠷᠢᠯᠭ᠎ᠠ ᠶᠢᠨ ᠦᠢᠯᠡᠰ ᠤᠨ ︽ᠤᠯᠤᠰ ᠤᠨ ᠴᠢᠬᠤᠯᠠ ᠪᠠᠭᠠᠵᠢ︾ ᠪᠤᠯᠵᠠᠢ︔ ᠨᠢᠭᠡ ᠪᠦᠯᠦᠭ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠪᠦᠬᠦᠢ ᠪᠠᠷᠢᠯᠭ᠎ᠠ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠂ ᠵᠢᠱᠢᠶᠡᠯᠡᠪᠡᠯ᠂ ᠳ᠋ᠠᠰᠢᠩ ᠨᠢᠰᠬᠡᠯ ᠤᠨ ᠪᠠᠭᠤᠳᠠᠯ᠂ ᠰᠢᠶᠠᠩᠭᠠᠩ ᠵᠦᠬᠠᠶ ᠣᠣᠮᠧᠨ ᠤ ᠶᠡᠭᠡ ᠬᠥᠭᠦᠷᠭᠡ᠂ ᠱᠧᠨᠵᠧᠨ ᠠᠴᠠ ᠵᠦᠩ ᠱᠠᠨ ᠬᠦᠷᠬᠦ ᠵᠠᠮ ᠢ ᠨᠡᠪᠳᠡᠷᠡᠭᠦᠯᠦᠭᠰᠡᠨ ᠵᠡᠷᠭᠡ ᠪᠣᠯᠣᠨ᠎ᠠ︔ ᠨᠢᠭᠡ ᠪᠦᠯᠦᠭ ᠳᠤᠮᠳᠠᠳᠤ ᠤᠯᠤᠰ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠦᠢᠯ ︽ᠭᠠᠳᠠᠭᠰᠢ ᠭᠠᠷᠴᠦ︾ ᠪᠡᠯᠭᠡ ᠲᠡᠮᠳᠡᠭ ᠤᠨ ᠴᠢᠨᠠᠷᠲᠠᠶ ᠪᠠᠷᠢᠯᠭ᠎ᠠ ᠪᠣᠯᠤᠭᠰᠠᠨ ᠪᠥᠭᠡᠳ ᠪᠦᠬᠦ ᠳᠡᠯᠡᠬᠡᠶ ᠶᠢᠨ 190 ᠤᠯᠤᠰ ᠤᠨ ᠨᠤᠳᠠᠯᠠᠯᠳᠠ ᠶᠢ ᠣᠯᠪᠠ᠂ ᠵᠢᠱᠢᠶᠡᠯᠡᠪᠡᠯ᠂ ᠺᠠᠲ᠋ᠠᠷ ᠤᠨ ᠳᠡᠯᠡᠬᠡᠢ ᠶᠢᠨ ᠬᠤᠨᠳᠠᠭᠠᠲᠤ ᠭᠤᠣᠯ ᠪᠡᠶ᠎ᠡ ᠶᠢᠨ ᠲᠠᠮᠢᠷ ᠤᠨ ᠲᠠᠯᠠᠪᠠᠢ ᠪᠤᠯᠬᠤ ᠷᠦᠰᠡᠶᠢᠯ ᠪᠡᠶ᠎ᠡ ᠶᠢᠨ ᠲᠠᠮᠢᠷ ᠤᠨ ᠲᠠᠯᠠᠪᠠᠢ᠂ ᠶᠧᠵᠢᠫᠲ ᠤᠨ ᠰᠢᠨ᠎ᠡ ᠵᠠᠰᠠᠭ ᠵᠠᠬᠢᠷᠭᠠᠨ ᠤ ᠨᠡᠶᠢᠰᠯᠡᠯ ᠤᠨ ᠲᠥᠪ ᠬᠤᠳᠠᠯᠳᠤᠭᠠᠨ ᠤ ᠶᠠᠪᠤᠳᠠᠯ ᠤᠨ ᠲᠤᠭᠤᠷᠢᠭ᠂ ᠮᠠᠯᠠᠶᠢᠰᠢᠶ᠎ᠠ ᠶᠢᠨ ᠭᠢᠯᠪᠠᠭᠠᠨ ᠴᠠᠮᠬᠠᠭ ᠵᠡᠷᠭᠡ ᠪᠣᠯᠣᠨ᠎ᠠ᠃ ︽ᠶᠡᠭᠡ︾ ᠠᠴᠠ ︽ᠬᠦᠴᠦᠷᠬᠡᠭ︾ ᠳᠠᠰᠢ ᠤᠷᠤᠭᠰᠢᠯᠠᠵᠤ᠂ ᠥᠨᠥᠳᠦᠷ ᠤᠨ ᠳᠤᠮᠳᠠᠳᠤ ᠤᠯᠤᠰ ᠤᠨ ᠪᠠᠷᠢᠯᠭ᠎ᠠ ᠶᠢᠨ ᠦᠢᠯᠡᠰ ᠶᠠᠭ ᠴᠢᠨᠠᠷ ᠰᠠᠶᠢᠲᠠᠶ ᠬᠥᠭᠵᠢᠵᠦ᠂ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠠᠰ ᠳᠠᠰᠢ ᠠᠯᠬᠤᠮ ᠠᠯᠬᠤᠮ ᠢᠶᠠᠷ ᠤᠷᠤᠭᠰᠢᠯᠠᠵᠤ᠂ ᠣᠷᠣᠰᠢᠨ ᠠᠮᠢᠳᠤᠷᠠᠬᠤ ᠬᠦᠴᠦᠨ᠂ ᠥᠷᠢᠰᠥᠯᠳᠦᠬᠦ ᠬᠦᠴᠦᠨ᠂ ᠬᠥᠭᠵᠢᠯᠲᠡ ᠶᠢᠨ ᠬᠦᠴᠦᠨ ᠪᠠ ᠦᠷᠭᠦᠯᠵᠢᠯᠡᠬᠦ ᠬᠦᠴᠦᠨ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ︾ ᠠᠯᠲᠠᠨ ᠦᠰᠦᠭᠲᠦ ᠫᠠᠶᠢᠰᠠ ᠶᠢ ᠪᠣᠶ ᠪᠣᠯᠭᠠᠵᠤ ᠪᠠᠶᠢᠨ᠎ᠠ᠃         ᠦᠢᠯᠡᠳᠦᠯᠭᠡ ᠶᠢ ᠴᠢᠬᠤᠯᠠᠴᠢᠯᠠᠵᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠤᠶ᠎ᠠ᠃ ᠮᠠᠨ ᠤ ᠤᠯᠤᠰ ᠤᠨ ᠪᠠᠷᠢᠯᠭ᠎ᠠ ᠶᠢᠨ ᠦᠢᠯᠡᠰ ᠶᠠᠭ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠤᠪᠢᠰᠤᠯᠲᠠ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠂ ᠲᠤᠭᠠᠴᠢᠯᠠᠯᠳᠠ ᠪᠠᠷ ᠪᠦᠬᠦ ᠲᠠᠯ᠎ᠠ ᠪᠠᠷ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠪᠠᠷ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠰᠢᠨ᠎ᠡ ᠴᠠᠭ ᠦᠶ᠎ᠡ ᠳᠤ ᠣᠷᠣᠵᠤ ᠪᠠᠶᠢᠨ᠎ᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ᠂ ᠥᠭᠡᠷᠡᠴᠢᠯᠡᠯᠲᠡ ᠶᠢᠨ ᠬᠠᠷᠠᠯᠲᠠ ᠶᠢᠨ ᠲᠠᠯ᠎ᠠ ᠪᠠᠷ᠂ ᠣᠳᠣᠬᠢᠴᠢᠯᠠᠭᠰᠠᠨ ᠪᠠᠷᠢᠯᠭ᠎ᠠ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ ᠪᠠ ᠪᠣᠬᠢᠷᠲᠤᠯ ᠥᠬᠡᠶ ᠬᠡᠯᠪᠡᠷᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ︔ ᠠᠷᠭ᠎ᠠ ᠬᠡᠮᠵᠢᠶ᠎ᠡ ᠪᠠ ᠠᠷᠭ᠎ᠠ ᠵᠠᠮ ᠤᠨ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠤᠯᠭᠤᠬᠤ᠂ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ︔ ᠲᠦᠷᠢᠮ ᠪᠠ ᠲᠣᠭᠲᠠᠴᠠ ᠶᠢᠨ ᠲᠠᠯ᠎ᠠ ᠪᠠᠷ᠂ ᠪᠠᠷᠢᠯᠭ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠵᠦ᠂ ᠢᠨᠵᠧᠨᠧᠷᠢᠩ ᠤᠨ ᠬᠢᠨᠠᠨ ᠬᠠᠮᠢᠶᠠᠷᠤᠯᠲᠠ᠂ ᠪᠠᠷᠢᠯᠭ᠎ᠠ ᠶᠢᠨ ᠦᠢᠯᠡᠳᠬᠦ ᠦᠨ᠎ᠡ᠂ ᠪᠠᠷᠢᠯᠭ᠎ᠠ ᠶᠢᠨ ᠠᠵᠢᠯ ᠲᠠᠭᠤᠰᠴᠦ ᠰᠢᠯᠭᠠᠨ ᠠᠪᠬᠤ ᠵᠡᠷᠭᠡ ᠬᠤᠯᠪᠣᠭᠳᠠᠯ ᠪᠥᠬᠦᠶ ᠰᠠᠭᠤᠷᠢ ᠴᠢᠨᠠᠷᠲᠠᠶ ᠲᠦᠷᠢᠮ ᠢ ᠭᠤᠤᠯᠳᠠᠯᠭ᠎ᠠ ᠲᠠᠢ ᠥᠭᠡᠷᠡᠴᠢᠯᠡᠵᠦ᠂ ᠪᠠᠷᠢᠯᠭ᠎ᠠ ᠶᠢᠨ ᠵᠠᠬ᠎ᠠ ᠳᠡᠯᠭᠡᠭᠦᠷ ᠪᠠ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠬᠤ᠂ ᠭᠤᠤᠯᠴᠢ ᠪᠠᠷ ᠥᠷᠢᠰᠥᠯᠳᠦᠬᠦ᠂ ᠴᠢᠨᠠᠷ ᠴᠢᠨᠰᠠᠭ᠎ᠠ ᠶᠢ ᠬᠥᠭᠡᠭᠡᠴᠡᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠨ᠎ᠠ︔ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ᠂ ᠠᠵᠢᠯ ᠦᠢᠯᠡᠰ ᠢᠶᠠᠨ ᠳᠡᠭᠡᠳᠦᠯᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠭᠤᠤᠯᠳᠠᠯᠭ᠎ᠠ ᠲᠠᠢ ᠪᠠᠶᠢᠭᠤᠯᠤᠨ᠎ᠠ᠃ ᠠᠤᠭ᠎ᠠ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠴᠠᠭ ᠦᠶ᠎ᠡ ᠶᠢᠨ ᠪᠦᠷᠢᠶ᠎ᠡ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠥᠭᠡᠷᠡᠴᠢᠯᠡᠯᠲᠡ ᠶᠢᠨ ᠡᠭᠦᠷᠭᠡ᠂ ᠴᠢᠭᠯᠡᠯ ᠲᠣᠳᠣᠷᠬᠠᠢ ᠪᠤᠯᠵᠠᠢ᠃ ᠵᠠᠰᠠᠭ ᠤᠨ ᠣᠷᠳᠣᠨ ᠠᠴᠠ ᠦᠵᠦ ᠲᠥᠯᠥᠪᠯᠡᠭᠡ ᠶᠢ ᠰᠠᠶᠢᠲᠤᠷ ᠬᠢᠵᠦ᠂ ᠠᠵᠢᠯ ᠲᠦᠷᠦᠯ ᠤᠨ ᠠᠵᠤ ᠠᠬᠤᠶᠢᠯᠠᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠰᠢᠨ᠎ᠡ ᠵᠢᠷᠤᠭ ᠲᠥᠯᠥᠪᠯᠡᠭᠡ ᠶᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠤᠭ ᠰᠠᠨᠠᠭ᠎ᠠ ᠦᠯᠦ ᠮᠠᠷᠳᠠᠨ᠂ ᠴᠢᠨᠠᠷ ᠰᠠᠶᠢᠳᠠᠢ ᠪᠠᠷᠢᠯᠭ᠎ᠠ ᠶᠢᠨ ᠪᠦᠲᠦᠭᠡᠭᠳᠡᠬᠦᠨ ᠢ ᠡᠭᠦᠳᠦᠨ ᠪᠠᠶᠢᠭᠤᠯᠤᠨ᠎ᠠ᠃ ᠲᠤᠮᠳᠠᠳᠦ ᠤᠯᠤᠰ ᠤᠨ ᠮᠠᠶ᠋ᠢᠭ ᠤᠨ ᠣᠳᠣᠬᠠᠴᠢᠯᠠᠯᠲᠠ ᠳᠤ ᠠᠷᠠᠳ ᠤᠨ ᠠᠮᠢᠳᠤᠷᠠᠯ ᠢᠶᠠᠷ ᠭᠤᠤᠯ ᠪᠤᠯᠭᠠᠨ᠎ᠠ᠃ ᠠᠷᠠᠳ ᠤᠨ ᠠᠮᠢᠳᠤᠷᠠᠯ ᠤᠨ ᠴᠢᠨᠠᠷ ᠢᠶᠠᠷ ᠴᠢᠩᠭ᠎ᠠ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠮᠤᠭ ᠤᠨ ᠲᠣᠪᠤᠶᠢᠮ᠎ᠠ ᠨᠢᠭᠡᠨ ᠣᠨᠴᠠᠯᠢᠭ ᠪᠣᠯᠤᠨ᠎ᠠ᠃ ᠪᠠᠷᠢᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢᠨ ᠤᠭ ᠰᠠᠨᠠᠭ᠎ᠠ ᠪᠣᠯ ᠪᠦᠬᠦ ᠨᠡᠶᠢᠭᠡᠮ ᠳᠤ ᠴᠢᠨᠠᠷ ᠰᠠᠶᠢᠲᠠᠢ ᠪᠠᠷᠢᠯᠭ᠎ᠠ ᠶᠢᠨ ᠦᠢᠯᠡᠳᠬᠦᠨ ᠬᠠᠩᠭᠠᠬᠤ ᠪᠠᠷ ᠴᠢᠷᠮᠠᠶᠢᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠣᠯᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠤᠷᠤᠭᠰᠢᠯᠠᠬᠤ ᠶᠠᠪᠤᠳᠠᠯ ᠪᠣᠯᠤᠨ᠎ᠠ᠃ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ︾ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠣᠳᠣᠨ ᠢᠨᠵᠧᠨᠧᠷᠢᠩ ᠢ ᠬᠦᠴᠦᠯᠡᠨ ᠪᠠᠶᠢᠭᠤᠯᠤᠨ᠎ᠠ᠃ ᠪᠠᠷᠢᠯᠭ᠎ᠠ ᠶᠢᠨ ︽ᠦᠢᠯᠡᠳᠬᠦᠨ︾ ᠤ ᠬᠠᠷᠢᠶᠠᠲᠤ ᠴᠢᠨᠠᠷ ᠢ ᠴᠢᠩᠭᠠᠳᠬᠠᠬᠤ ᠪᠠ ᠲᠤᠪᠤᠶᠢᠯᠭᠠᠵᠤ᠂ ᠪᠠᠷᠢᠯᠭ᠎ᠠ ᠶᠢᠨ ᠦᠢᠯᠡᠳᠬᠦᠨ ᠢ ᠰᠠᠶᠢᠲᠤᠷ ᠵᠢᠷᠤᠵᠤ ᠲᠥᠯᠥᠪᠯᠡᠨ᠂ ᠰᠠᠶᠢᠲᠤᠷ ᠪᠠᠶᠢᠭᠤᠯᠵᠤ᠂ ᠰᠠᠶᠢᠲᠤᠷ ᠠᠷᠠᠴᠢᠯᠠᠨ ᠬᠠᠮᠠᠭᠠᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠠᠶᠢᠨ ᠭᠡᠷ ᠪᠠᠶᠢᠰᠢᠩ ᠢ ᠪᠦᠳᠦᠭᠡᠨ ᠪᠠᠶᠢᠭᠤᠯᠬᠤ︾ ᠪᠠᠷ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠬᠦᠴᠦᠯᠡᠬᠦ ᠴᠡᠭ ᠪᠤᠯᠭᠠᠨ᠎ᠠ᠃ ᠬᠠᠮᠲᠤ ᠪᠠᠷ ᠴᠢᠷᠮᠠᠶᠢᠵᠤ᠂ ᠥᠭᠡᠷᠡᠴᠢᠯᠡᠯᠲᠡ ᠶᠢᠨ ᠤᠭ ᠰᠠᠨᠠᠭ᠎ᠠ ᠶᠢᠨ ᠲᠣᠭᠤᠷᠢᠨ ᠳᠤ᠂ ᠪᠠᠷᠢᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠦᠷᠭᠡᠴᠡ ᠲᠠᠢ ᠭᠦᠨᠴᠡ ᠲᠠᠢ ᠠᠬᠢᠭᠤᠯᠤᠨ᠎ᠠ᠃      ᠪᠢᠳᠡ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠦᠷᠭᠦᠯᠵᠢᠯᠡᠨ ︽ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ︾ ᠲᠥᠷᠥᠯ ᠲᠡᠮᠳᠡᠭᠲᠦ ᠶᠢᠨ ᠴᠤᠭ ᠵᠢᠪᠬᠤᠭ᠎ᠠ ᠶᠢ ᠦᠷᠭᠦᠯᠵᠢᠯᠡᠨ ᠪᠣᠶ ᠪᠣᠯᠭᠠᠵᠤ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠴᠢᠨᠠᠷ ᠰᠠᠶᠢᠲᠠᠶ ᠪᠠᠷᠢᠯᠭ᠎ᠠ ᠶᠢᠨ ᠦᠢᠯᠡᠳᠬᠦᠨ ᠢ ᠡᠭᠦᠳᠴᠦ᠂ ᠯᠠᠪᠳᠠᠭᠤᠨ ᠪᠠᠲᠤᠲᠠᠶ ᠤᠷᠤᠭᠰᠢᠯᠠᠬᠤ ᠳᠤᠮᠳᠠ ᠪᠠᠷᠢᠯᠭ᠎ᠠ ᠶᠢᠨ ᠦᠢᠯᠡᠰ ᠤᠨ ᠭᠤᠶᠢᠳᠠ ᠰᠠᠶᠢᠬᠠᠨ ᠬᠠᠭᠤᠳᠠᠰᠤ ᠶᠢ ᠲᠠᠰᠤᠷᠠᠯᠲᠠ ᠥᠬᠡᠶ ᠵᠢᠷᠤᠭᠯᠠᠨ᠎ᠠ᠃ –    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1