ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠨᠠᠶᠢᠳᠠᠪᠦᠷᠢᠵᠢᠭᠤᠯᠤᠨ᠎ᠠ ᠬᠤᠳᠠᠯᠳᠤᠭᠠᠨ ᠤ ᠪᠠᠩᠬᠢ 5300 ᠭᠠᠷᠤᠶ ︽ᠴᠠᠭᠠᠨ ᠨᠡᠷᠡᠰ︾ ᠶᠢᠨ ᠲᠥᠷᠥᠯ ᠵᠦᠢᠯ ᠢ ᠪᠠᠳᠤᠯᠠᠵᠦ ᠪᠠᠷᠤᠭ 1.4 ᠲᠦᠮᠡᠨ ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠵᠦᠪᠰᠢᠶᠡᠷᠡᠵᠡᠢ
ᠨᠡᠶᠢᠲᠡᠯᠡᠭᠰᠡᠨ ᠴᠠᠭ᠄
2024/8/28
       8 ᠳ᠋ᠤᠭᠠᠷ ᠰᠠᠷ᠎ᠠ ᠶᠢᠨ 23 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠬᠤᠷᠠᠯᠳᠤᠭᠤᠯᠤᠭᠰᠠᠨ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠳᠣᠬᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠤᠨ ᠲᠣᠭᠤᠷᠢᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠨᠢ ᠬᠤᠩ᠂ ᠣᠳᠣᠬᠠᠨ ᠳᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠵᠠᠬ᠎ᠠ ᠳᠡᠯᠭᠡᠭᠦᠷ ᠮᠥᠨ ᠬᠦ ᠲᠤᠬᠢᠷᠠᠭᠤᠯᠤᠯᠳᠠ ᠶᠢᠨ ᠬᠤᠭᠤᠴᠠᠭᠠᠨ ᠳᠤ ᠣᠷᠣᠰᠢᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠵᠠᠬ᠎ᠠ ᠳᠡᠯᠭᠡᠭᠦᠷ ᠲᠤ ᠢᠳᠡᠪᠬᠢᠲᠡᠶ ᠬᠤᠪᠢᠷᠠᠯᠲᠠ ᠭᠠᠷᠤᠭᠰᠠᠨ ᠪᠠᠶᠢᠨ᠎ᠠ ᠭᠡᠵᠤ ᠢᠯᠡᠷᠬᠡᠶᠢᠯᠡᠪᠡ᠃        ᠨᠢ ᠬᠤᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠭ᠎ᠠ ᠵᠢᠴᠢ ᠭᠠᠵᠠᠷ ᠰᠢᠷᠣᠶ᠂ ᠮᠥᠩᠭᠦᠨ ᠭᠦᠢᠯᠭᠡᠭᠡᠨ᠂ ᠡᠳ᠋ ᠤᠨ ᠵᠠᠰᠠᠭ ᠭᠠᠶᠢᠯᠢ ᠵᠡᠷᠭᠡ ᠰᠠᠭᠤᠷᠢ ᠴᠢᠨᠠᠷᠲᠠᠶ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠶᠢ ᠲᠦᠷᠭᠡᠳᠬᠡᠵᠦ᠂ ᠥᠭᠡᠷᠡᠴᠢᠯᠡᠯᠲᠡ ᠪᠠᠷ ᠰᠢᠨ᠎ᠡ ᠶᠢ ᠡᠭᠦᠳᠬᠦ᠂ ᠥᠭᠡᠷᠡᠴᠢᠯᠡᠯᠲᠡ ᠪᠠᠷ ᠰᠢᠨ᠎ᠡ ᠵᠠᠭᠪᠤᠷ ᠤᠨ ᠪᠠᠶᠢᠭᠤᠯᠤᠯᠲᠠ᠂ ᠥᠭᠡᠷᠡᠴᠢᠯᠡᠯᠲᠡ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠭᠡᠵᠡᠶ᠃       ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠬᠠᠷᠠᠯᠳᠠ ᠪᠤᠯ ᠵᠢᠯ ᠤᠨ ᠡᠴᠦᠰ ᠠᠴᠠ ᠡᠮᠦᠨ᠎ᠡ 396 ᠲᠦᠮᠡᠨ ᠢᠴᠢ ᠣᠷᠣᠨ ᠰᠠᠭᠤᠴᠠ ᠢ ᠲᠤᠰᠢᠶᠠᠨ ᠦᠭᠭᠦᠨ᠎ᠡᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠨᠢᠭᠡ ᠵᠦᠢᠯ ᠤᠨ ᠴᠢᠬᠤᠯᠠ ᠠᠵᠢᠯ ᠪᠣᠯᠬᠤ ᠪᠠᠷ ᠪᠠᠷᠠᠬᠤ ᠦᠭᠡᠢ ᠡᠯ᠎ᠡ ᠲᠠᠯ᠎ᠠ ᠶᠢᠨ ᠵᠢᠱᠢᠯᠲᠡ ᠶᠢ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠢ ᠬᠥᠭᠵᠢᠭᠡᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠰᠢᠭᠲᠠᠢ ᠶᠤᠮ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠳ᠋ᠦᠩ ᠵᠢᠶᠠᠨ ᠭᠦᠸᠧ ᠶᠢᠨ ᠲᠠᠨᠢᠯᠴᠠᠭᠤᠯᠤᠭᠰᠠᠨ ᠢᠶᠠᠷ᠂ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠤᠭᠤᠮᠳᠠ ᠰᠢᠪᠲᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠡᠯ᠎ᠡ ᠭᠠᠵᠠᠷ ᠢ ᠵᠣᠬᠢᠶᠠᠨ ᠪᠠᠶᠢᠭᠤᠯᠤᠨ ᠨᠢᠭᠡ ᠤᠳᠠᠭ᠎ᠠ ︽ᠲᠦᠢᠯᠪᠤᠷᠢᠲᠠᠢ︾᠂ ᠪᠦᠬᠦ ᠲᠠᠯ᠎ᠠ ᠪᠠᠷ ᠪᠠᠶᠢᠭᠤᠯᠵᠤ ᠪᠠᠶᠢᠭ᠎ᠠ ᠨᠢᠭᠡᠨᠲᠡ ᠬᠤᠳᠠᠯᠳᠤᠭᠰᠠᠨ ᠲᠤᠰᠢᠶᠠᠭᠠᠳᠦᠢ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠢ ᠵᠢᠭᠰᠠᠭᠠᠨ ᠪᠠᠶᠢᠴᠠᠭᠠᠵᠤ᠂ ᠭᠡᠷ᠎ᠡ ᠶᠢᠨ ᠪᠤᠯᠵᠤᠭ᠎ᠠ ᠶᠣᠰᠣᠭᠠᠷ ᠡᠨᠡ ᠵᠢᠯ ᠤᠨ ᠡᠴᠦᠰ ᠠᠴᠠ ᠡᠮᠦᠨ᠎ᠡ 396 ᠲᠦᠮᠡᠨ ᠢᠵᠢ ᠣᠷᠣᠨ ᠰᠠᠭᠤᠴᠠ ᠶᠢ ᠲᠤᠰᠢᠶᠠᠵᠦ ᠦᠭᠬᠦ ᠪᠠᠷ ᠲᠣᠭᠲᠠᠭᠠᠵᠤ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠬᠠᠷᠠᠯᠲᠠ ᠡᠭᠦᠷᠭᠡ ᠪᠣᠯᠭᠠᠪᠠ᠃ ᠡᠨᠡ ᠬᠦ ᠬᠠᠷᠠᠯᠲᠠ ᠶᠢᠨ ᠲᠣᠭᠤᠷᠢᠨ ᠳᠤ᠂ ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠨᠢᠭᠡᠨᠲᠡ ᠳᠥᠷᠪᠡᠨ ᠲᠠᠯ᠎ᠠ ᠶᠢᠨ ᠠᠵᠢᠯ ᠢ ᠥᠷᠨᠢᠭᠦᠯᠵᠦ ᠪᠠᠶᠢᠨ᠎ᠠ᠄ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ︔ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ︽ᠨᠢᠭᠡ ᠲᠦᠷᠦᠯ ᠵᠦᠢᠯ ᠳᠤ ᠨᠢᠭᠡ ᠠᠷᠭ᠎ᠠ ᠪᠤᠳᠤᠯᠭ᠎ᠠ︾ ᠬᠡᠷᠡᠭᠵᠢᠭᠦᠯᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠰᠠᠶᠢᠲᠤᠷ ᠬᠢᠨ᠎ᠡ︔ ᠲᠥᠷᠥᠯ ᠵᠦᠢᠯ ᠢ ᠴᠠᠭ ᠲᠤᠬᠠᠶ ᠳᠤᠨᠢ ᠴᠢᠨᠠᠷ ᠢ ᠪᠠᠲᠤᠯᠠᠨ ᠲᠤᠰᠢᠶᠠᠬᠤ ᠶᠢ ᠠᠬᠢᠭᠤᠯᠤᠨ᠎ᠠ᠃      ᠳ᠋ᠦᠩ ᠵᠢᠶᠠᠨ ᠭᠦᠸᠧ ᠢᠯᠡᠷᠬᠡᠶᠢᠯᠡᠬᠦ ᠳᠡᠭᠡᠨ᠂ ᠤᠯᠤᠰ ᠤᠨ ᠳᠠᠪᠬᠤᠷᠭ᠎ᠠ ᠠᠴᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠤᠨ ᠶᠡᠷᠦᠩᠬᠡᠢ ᠲᠥᠰᠦᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠠᠮᠲᠤᠷᠠᠨ ᠨᠡᠶᠢᠲᠡᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠶᠢᠨ  ᠪᠤᠯᠪᠠᠰᠤᠷᠠᠯ ᠥᠷᠨᠢᠭᠦᠯᠵᠦ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠠᠵᠢᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠤᠯᠲᠠ ᠶᠢ ᠵᠣᠬᠢᠴᠠᠭᠤᠯᠬᠤ ᠲᠣᠭᠲᠠᠴᠠ ᠶᠢᠨ ᠦᠷ᠎ᠡ ᠪᠦᠲᠦᠮᠵᠢ ᠶᠢ ᠦᠷᠭᠡᠳᠭᠡᠪᠡ᠃ ᠠᠷᠠᠳ ᠤᠨ ᠳᠡᠭᠡᠳᠦ ᠰᠢᠭᠦᠬᠦ ᠬᠤᠷᠢᠶ᠎ᠠ ᠭᠡᠷ ᠪᠠᠶᠢᠰᠢᠩ ᠭᠠᠵᠠᠷ ᠬᠥᠷᠥᠩᠭᠡ ᠶᠢᠨ ︽ᠴᠠᠭᠠᠨ ᠨᠡᠷᠡᠰ︾ ᠤᠨ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠠᠰᠠᠭᠤᠳᠠᠯ ᠳᠤ ᠴᠢᠭᠯᠡᠭᠦᠯᠦᠨ ᠬᠠᠤᠯᠢ ᠴᠠᠭᠠᠵᠠ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠣᠷᠣᠨ ᠨᠤᠲᠤᠭ ᠤᠨ ᠳᠠᠪᠬᠤᠷᠭ᠎ᠠ ᠳᠤ᠂ ᠡᠯ᠎ᠡ ᠬᠤᠲᠠ ᠶᠢᠨ ᠬᠢᠨ ᠴᠥᠮ ᠱᠠᠭᠠᠷᠳᠠᠯᠭ᠎ᠠ ᠶᠣᠰᠣᠭᠠᠷ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠭᠡᠷ ᠪᠠᠶᠢᠰᠢᠩ ᠲᠤᠰᠢᠶᠠᠬᠤ ᠲᠥᠯᠥᠪᠯᠡᠭᠡ ᠶᠢ ᠲᠣᠳᠣᠷᠬᠠᠶᠢᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥᠯ ᠵᠦᠢᠯ ᠳᠠᠷᠠᠭᠠᠯᠠᠨ ᠰᠢᠢᠳᠪᠦᠷᠢᠯᠡᠬᠦ ᠲᠥᠰᠥᠯ ᠲᠤᠭᠳᠠᠭᠠᠪᠠ︔ ᠬᠡᠰᠡᠭ ᠮᠤᠵᠢ ᠣᠷᠣᠨ ᠪᠠᠰᠠ ᠮᠤᠵᠢ ᠶᠢᠨ ᠱᠠᠲᠤᠨ ᠤ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠲᠥᠰᠥᠯ ᠢ ᠲᠣᠭᠲᠠᠭᠠᠵᠤ᠂ ᠪᠣᠭᠤᠮᠲᠠ ᠰᠢᠪᠲᠤᠯᠬᠤ ᠬᠠᠷᠠᠯᠲᠠ ᠪᠠ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃        ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠪᠣᠯ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠲᠦᠯᠬᠢᠨ ᠠᠬᠢᠭᠤᠯᠬᠤ ᠬᠦᠴᠦᠲᠡᠢ ᠭᠠᠷᠳᠠᠴᠠ ᠮᠥᠨ᠃ ᠳ᠋ᠦᠩ ᠵᠢᠶᠠᠨ ᠭᠦᠸᠧ ᠲᠠᠨᠢᠯᠴᠠᠭᠤᠯᠤᠭᠰᠠᠨ ᠨᠢ᠂ ᠣᠳᠣᠬᠠᠨ ᠳᠤ ᠨᠢᠭᠡᠨᠲᠡ ᠤᠯᠤᠰ᠂ ᠮᠤᠵᠢ᠂ ᠬᠤᠲᠠ ᠭᠤᠷᠪᠠᠨ ᠱᠠᠲᠤᠨ ᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ︽ᠴᠠᠭᠠᠨ ᠨᠡᠷᠡᠰ ︾ ᠲᠤ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ᠂ ᠬᠤᠳᠠᠯᠳᠤᠭᠠᠨ ᠤ ᠪᠠᠩᠬᠢ ᠶᠢᠨ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠤᠰᠤᠭᠠᠷ ᠵᠢᠭᠡᠯᠡᠯᠭᠡ ᠦᠭᠬᠦ ᠶᠤᠰᠤᠳᠠᠢ ᠪᠦᠬᠦᠨ ᠳᠤ ᠪᠡᠯᠡ ᠲᠣᠬᠢᠷᠠᠭᠤᠯᠬᠤ ᠳᠡᠮᠵᠢᠯᠭᠡ ᠦᠵᠡᠭᠦᠯᠬᠦ ᠶᠢ ᠠᠬᠢᠭᠤᠯᠤᠨ᠎ᠠ ᠭᠡᠵᠠᠢ᠃      ᠣᠳᠣᠬᠠᠨ ᠳᠤ᠂ ᠬᠤᠳᠠᠯᠳᠤᠭᠠᠨ ᠤ ᠪᠠᠩᠬᠢ ᠨᠢᠭᠡᠨᠲᠡ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠶᠣᠰᠣᠭᠠᠷ ︽ᠴᠠᠭᠠᠨ ᠨᠡᠷᠡᠰ ︾ ᠤᠨ 5300 ᠭᠠᠷᠤᠶ ᠲᠥᠷᠥᠯ ᠵᠦᠢᠯ ᠢ ᠪᠠᠲᠤᠯᠠᠵᠤ᠂ ᠵᠢᠭᠡᠯᠡᠯᠭᠡ ᠶᠢᠨ ᠵᠣᠭᠤᠰ ᠤᠨ ᠲᠤᠭ᠎ᠠ 1.4 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠡᠳᠡᠭᠡᠷ ᠪᠡᠯᠡ ᠮᠥᠩᠭᠦ ᠶᠢ ᠶᠠᠭ ᠰᠠᠶ᠋ᠢᠬᠠᠨ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠣᠰᠣᠭᠠᠷ ᠵᠠᠯᠭᠠᠭ᠎ᠠ ᠪᠠᠷ ᠥᠭᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠲᠡᠮᠵᠢᠵᠤ ᠪᠠᠶᠢᠨ᠎ᠠ᠃      ᠣᠶᠢᠯᠠᠭᠠᠭᠰᠠᠨ ᠢᠶᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠡᠯ᠎ᠡ ᠭᠠᠵᠠᠷ ᠢ ᠵᠢᠯᠣᠭᠤᠳᠤᠨ ︽ᠨᠢᠭᠡ ᠲᠥᠷᠥᠯ ᠵᠦᠢᠯ ᠳᠤ ᠨᠢᠭᠡ ᠲᠦᠰᠦᠯ ᠨᠢᠭᠡ ᠲᠤᠰᠬᠠᠢ ᠠᠩᠭᠢ ᠨᠢᠭᠡ ᠪᠠᠩᠬᠢ ᠨᠢᠭᠡ ᠬᠢᠨᠠᠨ ᠪᠤᠳᠤᠭᠴᠢ ᠨᠢᠭᠡ ᠰᠢᠭᠦᠭᠴᠢ︾ ᠶᠢᠨ ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠪᠡ᠃ ︽ᠡᠨᠡ ᠬᠡᠪ ᠵᠠᠭᠪᠤᠷ ᠢ ᠬᠠᠮᠤᠭ ᠲᠡᠷᠢᠭᠦᠨ ᠳᠤ ᠵᠧᠩᠵᠸᠦ ᠬᠤᠳᠠ ᠳᠤ ᠲᠤᠷᠰᠢᠨ ᠰᠦᠪᠡᠭᠴᠢᠯᠡᠯᠳᠡ ᠬᠢᠵᠦ ᠲᠠᠷᠠᠭᠠᠪᠠᠷ ᠪᠦᠬᠦ ᠤᠯᠤᠰ ᠲᠤ ᠳᠡᠯᠭᠡᠷᠡᠭᠦᠯᠦᠨ᠎ᠡ᠃ ᠨᠥᠬᠦᠴᠡᠯ ᠳᠤ ᠨᠡᠶᠢᠴᠡᠬᠦ ᠲᠥᠷᠥᠯ ᠵᠦᠢᠯ ᠢ ︿ᠴᠠᠭᠠᠨ ᠨᠡᠷᠡᠰ﹀ ᠲᠤ ᠣᠷᠣᠭᠤᠯᠤᠨ ᠪᠠᠯᠠ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠰᠢᠶᠠᠨ ᠥᠭᠬᠦ ᠶᠢ ᠪᠠᠲᠤᠯᠠᠨ᠎ᠠ︔ ᠬᠥᠷᠥᠩᠭᠡ ᠨᠢ ᠥᠷᠢ ᠳᠡᠭᠡᠨ ᠦᠯᠦ ᠬᠦᠷᠬᠦ ᠲᠥᠷᠥᠯ ᠵᠦᠢᠯ ᠳᠤ᠂ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠳᠠᠮᠫᠤᠷᠠᠵᠤ ᠳᠠᠬᠢᠨ ᠵᠣᠬᠢᠶᠠᠨ ᠪᠠᠶᠢᠭᠤᠯᠬᠤ ᠪᠤᠶᠤ ᠢᠯᠭᠠᠷᠠᠭᠤᠯᠤᠨ ᠪᠤᠳᠤᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠥᠷᠢ ᠥᠭᠴᠡᠭᠡ ᠶᠢ ᠢᠯᠭᠠᠷᠠᠭᠤᠯᠤᠨ ᠲᠥᠯᠥᠬᠦ ᠲᠤᠬᠠᠶ ᠵᠢᠷᠤᠮᠵᠢᠯ ᠤᠨ ᠲᠣᠭᠲᠠᠭᠠᠯ ᠶᠣᠰᠣᠭᠠᠷ᠂ ᠡᠩ ᠲᠡᠷᠢᠭᠦᠨ ᠳᠤ ᠬᠡᠷ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ︾᠃ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠬᠠᠷᠠᠯᠲᠠ ᠪᠣᠯ ᠳᠠᠷᠤᠢ ᠲᠤᠰᠢᠶᠠᠨ ᠥᠭᠬᠦ ᠨᠥᠬᠦᠴᠡᠯ ᠳᠤ ᠨᠡᠶᠢᠴᠡᠬᠦ ᠭᠡᠷ ᠪᠠᠶᠢᠰᠢᠩ ᠢ ᠭᠡᠷ ᠬᠤᠳᠠᠯᠳᠤᠨ ᠠᠪᠤᠭᠴᠢ ᠶᠢᠨ ᠭᠠᠷ ᠲᠤ ᠲᠤᠰᠢᠶᠠᠨ ᠦᠭᠬᠦ ᠶᠠᠪᠤᠳᠠᠯ ᠪᠤᠯᠤᠨ᠎ᠠ᠃ ᠡᠨᠡ ᠬᠦ ᠬᠠᠷᠠᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ︽ᠣᠳᠣᠬᠠᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠨᠢᠭᠡᠨᠲᠡ ᠪᠥᠬᠦ ᠤᠯᠤᠰ ᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠰᠤᠷᠠᠭ ᠵᠠᠩᠬᠢ ᠶᠢᠨ ᠰᠢᠰᠲ᠋ᠧᠮ ᠢ ᠪᠠᠶᠢᠭᠤᠯᠵᠦ᠂ ᠲᠤᠰᠢᠶᠠᠨ ᠦᠭᠬᠦ ᠶᠤᠰᠤᠳᠠᠢ ᠭᠡᠷ ᠪᠠᠶᠢᠰᠢᠩ ᠪᠦᠷᠢ ᠨᠢ ︿ᠨᠢᠭᠡ ᠭᠡᠷ᠎ᠡ ᠨᠢᠭᠡ ᠡᠷᠦᠬᠡ ᠨᠢᠭᠡ ᠪᠡᠶ᠎ᠡ ᠶᠢᠨ ᠦᠨᠡᠮᠯᠡᠯ ᠤᠨ ᠨᠣᠮᠧᠷ ᠨᠢᠭᠡ ᠬᠠᠷᠢᠯᠴᠠᠬᠤ ᠤᠲᠠᠰᠤ﹀ ᠶᠢᠨ ᠵᠣᠬᠢᠴᠠᠯᠳᠤᠯ ᠢ ᠪᠡᠶᠡᠯᠡᠭᠦᠯᠵᠦ᠂ ᠠᠵᠢᠯ ᠤᠨ ᠬᠠᠷᠠᠯᠲᠠ ᠪᠠᠨ ᠡᠷᠦᠬᠡ ᠳᠤ ᠨᠠᠶᠢᠳᠠᠪᠤᠷᠢᠵᠢᠭᠤᠯᠵᠤ᠂ ᠬᠡᠷ ᠬᠤᠳᠠᠯᠳᠤᠨ ᠠᠪᠤᠭᠴᠢ ᠳᠤ ᠨᠠᠶᠢᠳᠠᠪᠤᠷᠢᠵᠢᠭᠤᠯᠤᠨ᠂ ᠨᠢᠭᠡ ᠢᠵᠢ ᠭᠡᠷ ᠪᠠᠶᠢᠰᠢᠩ ᠢ ᠲᠤᠰᠢᠶᠠᠨ ᠦᠭᠭᠦᠪᠡᠯ᠂ ᠨᠢᠭᠡ ᠢᠵᠢ ᠶᠢ ᠬᠠᠰᠤᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠡᠯ᠎ᠡ ᠭᠠᠵᠠᠷ ᠢ ᠵᠢᠯᠣᠭᠤᠳᠤᠨ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠲᠤᠰᠢᠶᠠᠨ ᠥᠭᠬᠦ ᠲᠥᠷᠥᠯ ᠵᠦᠢᠯ ᠤᠨ ᠣᠷᠣᠵᠤ ᠰᠠᠭᠤᠬᠤ ᠨᠥᠬᠦᠴᠡᠯ ᠢ ᠪᠦᠷᠢᠯᠳᠦᠭᠦᠯᠬᠦ ᠶᠢ ᠦᠨᠡᠨ ᠬᠦ ᠪᠠᠲᠤᠯᠠᠵᠤ᠂ ᠪᠠᠷᠠᠭ᠎ᠠ ᠨᠢ ᠦᠯᠢᠭᠡᠷ ᠵᠠᠭᠪᠤᠷ ᠢᠶᠠᠨ ᠬᠦᠷᠬᠦ ᠦᠭᠡᠢ ᠪᠠᠶᠢᠳᠠᠯ ᠭᠠᠷᠬᠤ ᠶᠢ ᠰᠡᠷᠭᠡᠶᠢᠯᠡᠨ ᠬᠤᠷᠢᠭᠯᠠᠨ᠎ᠠ᠃ ᠡᠭᠦᠨ ᠠᠴᠠ ᠭᠠᠳᠠᠨ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠲᠥᠷᠥᠯ ᠵᠦᠢᠯ ᠤᠨ ᠦᠨᠡᠮᠯᠡᠯ ᠭᠦᠢᠴᠡᠳᠭᠡᠬᠦ ᠠᠰᠠᠭᠤᠳᠠᠯ ᠤᠨ ᠲᠤᠬᠠᠶ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ ᠨᠡᠶᠢᠲᠡᠯᠡᠵᠦ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ︿ᠣᠯᠭᠤᠬᠤ ᠶᠣᠰᠣᠲᠠᠢ ᠶᠢ ᠨᠢ ᠴᠥᠮ ᠣᠯᠭᠤᠬᠤ﹀ ᠶᠢ ᠴᠢᠷᠮᠠᠶᠢᠨ ᠪᠡᠶᠡᠯᠡᠭᠦᠯᠵᠡᠢ︾ ᠭᠡᠵᠦ ᠳ᠋ᠦᠩ ᠵᠢᠶᠠᠨ ᠭᠦᠸᠧ ᠢᠯᠡᠷᠬᠡᠶᠢᠯᠡᠪᠡ᠃︽ᠦᠯᠡᠳᠡᠭᠡᠯ ᠣᠷᠣᠨ ᠰᠠᠭᠤᠴᠠ︾ ᠶᠢ ᠬᠤᠳᠠᠯᠳᠤᠨ ᠠᠪᠴᠦ ︽ᠪᠠᠲᠤᠯᠭ᠎ᠠ ᠶᠢᠨ ᠣᠷᠣᠨ ᠰᠠᠭᠤᠴᠠ︾ ᠪᠣᠯᠭᠠᠨ ᠬᠡᠷᠡᠭᠯᠡᠬᠦ ᠶᠠᠪᠤᠳᠠᠯ ᠢ ᠢᠳᠡᠪᠬᠢᠲᠡᠢ ᠪᠠᠷ ᠠᠬᠢᠭᠤᠯᠤᠨ᠎ᠠ      ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠪᠣᠯ ᠬᠤᠲᠠ ᠪᠠᠯᠭᠠᠰᠤᠨ ᠤ ᠣᠷᠣᠨ ᠰᠠᠭᠤᠴᠠ ᠪᠠᠷ ᠬᠦᠴᠢᠷᠳᠡᠯᠲᠡᠶ ᠭᠡᠷ ᠪᠦᠯᠢ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠰᠠᠭᠤᠳᠠᠯ ᠪᠣᠯᠤᠨ᠎ᠠ᠃ ᠰᠤᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠨᠡ ᠵᠢᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ᠂ ᠡᠯ᠎ᠡ ᠭᠠᠵᠠᠷ ᠢ ᠵᠢᠯᠣᠭᠤᠳᠤᠨ ᠨᠢᠭᠡ ᠲᠠᠯ᠎ᠠ ᠪᠠᠷ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠨᠥᠭᠦᠭᠡ ᠲᠠᠯ᠎ᠠ ᠪᠠᠷ ᠲᠦᠷᠢᠶᠡᠰᠦᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠠᠳᠬᠤᠪᠠ᠃ ᠡᠨᠠ ᠵᠢᠯ ᠤᠨ ᠳᠦᠷᠣᠭᠦᠤ 7 ᠰᠠᠷ᠎ᠠ ᠳᠤ ᠪᠦᠭᠦ ᠤᠯᠤᠰ ᠤᠨ ᠪᠠᠲᠣᠯᠠᠭ᠎ᠠ ᠶᠢᠨ ᠴᠢᠨᠠᠷᠲᠠᠢ ᠣᠷᠣᠠ ᠰᠠᠭᠤᠴᠠ ᠪᠠ ᠬᠤᠲᠠ ᠶᠢᠨ ᠳᠣᠮᠲᠠᠭᠢ ᠲᠤᠰᠬᠤᠨ ᠤ ᠣᠢᠭᠡᠷᠠᠴᠢᠯᠠᠨ ᠳᠦᠪᠭᠢᠨᠠᠭᠦᠯᠭᠦ ᠣᠷᠣᠠ ᠰᠠᠭᠤᠴᠠ ᠶᠢ ᠨᠢᠭᠡᠨᠳᠡ ᠠᠵᠢᠯ ᠡᠭᠢᠯᠠᠭᠦᠯᠣᠭᠰᠠᠨ ᠪᠠ 235 ᠳᠦᠮᠠᠨ ᠢᠵᠢ ︵ᠲᠠᠰᠤᠯᠭ᠎ᠠ︶ ᠴᠣᠬᠯᠠᠭᠤᠯᠵᠤ᠂ 4400 ᠭᠠᠷᠣᠢ ᠳ᠋ᠦᠩᠰᠢᠭᠤᠷ ᠳᠦᠭᠦᠷᠢᠭ ᠤᠨ ᠪᠠᠯᠠ ᠣᠷᠣᠭᠤᠯᠣᠯᠲᠠ ᠶᠢ ᠪᠠᠶᠠᠯᠠᠭᠦᠯᠵᠠᠢ᠃      ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠠᠯ᠎ᠠ ᠪᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠡᠯ᠎ᠡ ᠭᠠᠵᠠᠷ ᠢ ᠵᠢᠯᠣᠭᠤᠳᠴᠤ᠂ ᠲᠣᠰ ᠭᠠᠵᠠᠷ ᠣᠷᠣᠨ ᠤ ᠠᠵᠤ ᠠᠬᠤᠶ ᠶᠢᠨ ᠴᠢᠳᠠᠪᠤᠷᠢ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠡᠯ᠎ᠡ ᠲᠥᠷᠥᠯ ᠤᠨ ᠬᠦᠴᠢᠷᠳᠡᠯᠲᠡᠶ ᠬᠥᠮᠦᠰ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠬᠡᠷᠡᠭᠴᠡᠭᠡ ᠪᠠᠷ ᠪᠥᠲᠥᠭᠡᠨ ᠪᠠᠶᠢᠭᠤᠯᠬᠤ ᠶᠢ ᠲᠣᠭᠲᠠᠭᠠᠬᠤ᠂ ᠬᠡᠷᠡᠭᠴᠡᠭᠡ ᠪᠠᠷ ᠬᠤᠳᠠᠯᠳᠤᠨ ᠠᠪᠬᠤ ᠶᠢ ᠲᠣᠭᠲᠠᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠠᠪᠤᠨ ᠵᠢᠯ ᠤᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠤᠬᠢᠶᠠᠪᠠ᠃     ᠡᠨᠡ ᠵᠢᠯ ᠤᠨ ᠲᠥᠯᠥᠪᠯᠡᠭᠡ ᠳᠤ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠡᠳ᠋ ᠤᠨ ᠵᠠᠰᠠᠭ ᠭᠠᠶᠢᠯᠢ᠂ ᠭᠠᠵᠠᠷ ᠰᠢᠷᠣᠶ᠂ ᠮᠥᠩᠭᠦᠨ ᠭᠦᠢᠯᠭᠡᠭᠡ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠠᠵᠢᠯ ᠡᠬᠢᠯᠡᠬᠦ᠂ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠷᠢᠶᠡᠰᠦᠯᠡᠭᠦᠯᠬᠦ ᠪᠠ ᠲᠤᠬᠢᠷᠠᠭᠤᠯᠤᠨ ᠬᠤᠳᠠᠯᠳᠤᠬᠤ ᠠᠵᠢᠯ ᠢ ᠡᠷᠲᠡᠬᠡᠨ ᠥᠷᠨᠢᠭᠦᠯᠵᠦ᠂ ᠤᠯᠠᠨ ᠲᠦᠮᠡᠨ ᠢ ᠡᠷᠲᠡᠬᠡᠨ ᠣᠷᠣᠵᠤ ᠰᠠᠭᠤᠯᠭᠠᠬᠤ ᠶᠢ ᠪᠡᠶᠡᠯᠡᠭᠦᠯᠦᠨ᠎ᠡ ᠭᠡᠵᠦ ᠲᠤᠳᠤᠷᠬᠠᠶᠢᠯᠠᠪᠠ᠃      ︽ᠦᠯᠡᠳᠡᠭᠡᠯ ᠬᠡᠷ ᠪᠠᠶᠢᠰᠢᠩ︾ ᠢ ︽ᠪᠠᠲᠤᠯᠠᠭ᠎ᠠ ᠶᠢᠨ ᠣᠷᠣᠨ ᠰᠠᠭᠤᠴᠠ︾ ᠪᠣᠯᠭᠠᠨ ᠠᠮᠢᠳᠤᠯᠢᠭ ᠪᠣᠯᠭᠠᠬᠤ ᠪᠣᠯ ᠪᠠᠰᠠ ᠴᠤ ᠡᠨᠡ ᠵᠢᠯ ᠤᠨ ᠠᠵᠢᠯ ᠤᠨ ᠭᠤᠤᠯᠳᠠᠯᠭ᠎ᠠ ᠮᠥᠨ᠃ ᠲᠤᠬᠠᠶ ᠶᠢᠨ ᠭᠠᠵᠠᠷ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ᠂ ᠨᠢᠭᠡᠨᠲᠡ ᠪᠠᠶᠢᠭᠤᠯᠤᠭᠰᠠᠨ ᠦᠯᠡᠳᠡᠭᠡᠯ ᠲᠠᠸᠠᠷ ᠤᠨ ᠬᠡᠷ ᠪᠠᠶᠢᠰᠢᠩ ᠢ ᠬᠤᠳᠠᠯᠳᠤᠨ ᠠᠪᠬᠤ ᠠᠵᠢᠯ ᠢ ᠢᠳᠡᠪᠬᠢᠲᠡᠶ ᠠᠬᠢᠭᠤᠯᠵᠤ᠂ ᠨᠥᠬᠦᠴᠡᠯ ᠪᠥᠷᠢᠳᠦᠭᠰᠡᠨ ᠲᠥᠷᠥᠯ ᠵᠦᠢᠯ ᠢ ᠬᠤᠳᠠᠯᠳᠤᠨ ᠠᠪᠬᠤ ᠶᠢ ᠲᠦᠷᠭᠡᠳᠬᠡᠨ ᠪᠡᠶᠡᠯᠡᠭᠦᠯᠵᠦ᠂ ᠴᠠᠭ ᠲᠤᠬᠠᠶ ᠳᠤᠨᠢ ᠲᠦᠷᠢᠶᠡᠰᠦᠯᠡᠵᠦ᠂ ᠠᠷᠠᠯᠵᠢᠶᠠᠯᠠᠬᠤ ᠬᠡᠷᠡᠭᠳᠡᠢ᠃      8 ᠳ᠋ᠤᠭᠠᠷ ᠰᠠᠷ᠎ᠠ ᠠᠴᠠ ᠨᠠᠰᠢ᠂ ᠨᠢᠭᠡᠨᠲᠡ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠬᠤᠲᠠ ᠠᠭᠠᠵᠢᠮ ᠢᠶᠠᠷ ᠨᠡᠮᠡᠭᠳᠡᠵᠦ ᠪᠠᠶᠢᠨ᠎ᠠ᠃ 8 ᠳ᠋ᠤᠠᠭᠷ ᠰᠠᠷ᠎ᠠ ᠶᠢᠨ 21 ᠤ ᠡᠳᠦᠷ᠂ ᠦᠬᠠᠨ ᠬᠤᠲᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢ ᠠᠰᠢᠭᠯᠠᠨ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠠᠩᠬᠠᠳᠠᠭᠴᠢ ᠲᠥᠷᠥᠯ ᠵᠦᠢᠯ ᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠤᠯᠭᠠᠬᠤ ᠶᠢ ᠵᠢᠩᠬᠢᠨᠢ ᠪᠠᠷ ᠨᠠᠶᠢᠳᠠᠪᠤᠷᠢᠵᠢᠭᠤᠯᠪᠠ ᠭᠡᠵᠤ ᠮᠡᠳᠡᠭᠡ ᠨᠡᠶᠢᠳᠡᠯᠡᠪᠡ᠃ 8 ᠳ᠋ᠤᠭᠠᠷ ᠰᠠᠷ᠎ᠠ ᠶᠢᠨ 19 ᠤ ᠡᠳᠦᠷ᠂ ᠬᠤᠨᠠᠨ ᠤ ᠴᠠᠩᠱᠠ ᠬᠠᠷᠢᠶ᠎ᠠ ᠤᠷᠤᠨ ᠤ ᠵᠢᠷᠭᠤᠭᠠᠨ ᠲᠣᠭᠤᠷᠢᠭ ᠭᠤᠷᠪᠠᠨ ᠰᠢᠶᠠᠨ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠪᠠ ᠭᠡᠵᠦ ᠨᠡᠶᠢᠳᠡᠯᠡᠵᠡᠢ᠃ ᠱᠧᠨᠵᠧᠨ 8 ᠳ᠋ᠤᠭᠠᠷ ᠰᠠᠷ᠎ᠠ ᠶᠢᠨ ᠡᠬᠢ ᠪᠠᠷ ᠲᠠᠸᠠᠷ ᠤᠨ ᠭᠡᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠥᠷᠥᠯ ᠵᠦᠢᠯ ᠳᠤ ᠬᠡᠷᠡᠭᠯᠡᠵᠡᠢ ᠭᠡᠵᠤ ᠮᠡᠳᠡᠭᠡ ᠨᠡᠶᠢᠳᠡᠯᠡᠵᠦ ᠲᠤᠳᠤᠷᠬᠠᠶᠢᠯᠠᠪᠠ᠃      ᠡᠨᠡ ᠵᠢᠯ ᠤᠨ 5 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢ ᠲᠦᠯᠦᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠣᠷᠣᠨ ᠨᠤᠲᠤᠭ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠨᠢᠭᠡᠨᠲᠡ ᠪᠠᠶᠢᠭᠤᠯᠤᠭᠰᠠᠨ ᠦᠯᠡᠳᠡᠭᠡᠯ ᠲᠠᠸᠠᠷ ᠤᠨ ᠬᠡᠷ ᠪᠠᠶᠢᠰᠢᠩ ᠢ ᠵᠦᠶ ᠵᠣᠬᠢᠰᠲᠠᠶ ᠦᠨ᠎ᠡ ᠬᠠᠩᠰᠢ ᠪᠠᠷ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠠᠷ ᠬᠤᠳᠠᠯᠳᠤᠬᠤ ᠪᠤᠶᠤ ᠲᠦᠷᠢᠶᠡᠰᠦᠯᠡᠬᠦ ᠳᠤ ᠬᠡᠷᠡᠭᠯᠡᠬᠦ ᠶᠢ ᠲᠡᠮᠵᠢᠪᠡ᠃        ︽ᠬᠥᠮᠦᠨ᠂ ᠭᠡᠷ ᠪᠠᠶᠢᠰᠢᠩ᠂ ᠭᠠᠵᠠᠷ ᠰᠢᠷᠣᠶ᠂ ᠵᠣᠭᠤᠰ︾ ᠤᠨ ᠬᠦᠴᠦᠨ ᠵᠦᠢᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ︽ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ︾ ᠢ ᠲᠦᠷᠭᠡᠳᠬᠡᠨ ᠪᠠᠶᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠦᠵᠦ ᠲᠥᠯᠥᠪᠯᠡᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠵᠢᠴᠢ ᠭᠠᠵᠠᠷ ᠰᠢᠷᠣᠢ᠂ ᠮᠥᠩᠭᠦᠨ ᠭᠦᠢᠯᠭᠡᠭᠡ᠂ ᠡᠳ᠋ ᠤᠨ ᠵᠠᠰᠠᠭ ᠭᠠᠶᠢᠯᠢ ᠵᠡᠷᠭᠡ ᠰᠠᠭᠤᠷᠢ ᠴᠢᠨᠠᠷᠲᠠᠢ ᠳᠦᠷᠢᠮ ᠢ ᠲᠦᠷᠭᠡᠳᠬᠡᠨ ᠥᠭᠡᠷᠡᠴᠢᠯᠡᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠡᠨᠡ ᠬᠦ ᠡᠭᠦᠷᠭᠡ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ ᠪᠠᠶᠢᠨ᠎ᠠ᠃ ᠪᠣᠳᠠᠲᠠᠶ ᠪᠠᠷ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠨᠢ ᠭᠤᠤᠯᠳᠠᠭᠤ ᠵᠢᠷᠭᠤᠭᠠᠨ ᠲᠠᠯ᠎ᠠ ᠳᠤ ᠬᠤᠯᠪᠣᠭᠳᠠᠨ᠎ᠠ᠄ᠨᠢᠭᠡᠳᠦᠭᠡᠷ ᠲᠤ᠂ ᠣᠷᠣᠨ ᠰᠠᠭᠤᠴᠠ ᠶᠢᠨ ᠬᠠᠩᠬᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢᠨ ᠭᠤᠣᠯᠳᠠᠯᠭ᠎ᠠ ᠨᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠬᠠᠯᠭ᠎ᠠ ᠶᠢ ᠨᠡᠮᠡᠭᠳᠡᠭᠦᠯᠦᠨ᠎ᠡ᠃      ᠬᠤᠶᠠᠳᠤᠭᠠᠷ ᠲᠤ᠂ ᠡᠯ᠎ᠡ ᠭᠠᠵᠠᠷ ᠤᠨ ᠬᠢᠨ ᠨᠢ ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠬᠥᠭᠵᠢᠯᠲᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠪᠠᠷ ᠭᠠᠷᠳᠠᠴᠠ ᠪᠣᠯᠭᠠᠨ ᠂ ︽ᠬᠥᠮᠦᠨ᠂ ᠭᠡᠷ ᠪᠠᠶᠢᠰᠢᠩ᠂ ᠭᠠᠵᠠᠷ᠂ ᠵᠣᠭᠤᠰ︾ ᠤᠨ ᠬᠦᠴᠦᠨ ᠵᠦᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃      ᠭᠤᠷᠪᠠᠳᠤᠭᠠᠷ ᠲᠤ᠂ ᠪᠡᠯᠡᠨ ᠭᠡᠷ ᠪᠠᠶᠢᠰᠢᠩ ᠤᠨ ᠪᠣᠷᠣᠯᠠᠭᠤᠯᠭ᠎ᠠ ᠶᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠣᠷᠣᠨ ᠨᠤᠲᠤᠭ ᠢ ᠵᠢᠭᠠᠨ ᠵᠢᠯᠣᠭᠤᠳᠴᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠰᠢᠨ᠎ᠡ ᠲᠥᠷᠥᠯ ᠵᠦᠢᠯ ᠢ ᠰᠣᠩᠭᠤᠨ᠂ ᠭᠠᠵᠠᠷ ᠰᠢᠷᠣᠶ ᠬᠤᠳᠠᠯᠳᠤᠭᠠᠯᠠᠬᠤ ᠦᠶ᠎ᠡ ᠳᠤ ᠪᠡᠯᠡᠨ ᠭᠡᠷ ᠪᠠᠶᠢᠰᠢᠩ ᠪᠣᠷᠣᠯᠠᠭᠤᠯᠬᠤ ᠶᠢ ᠪᠠᠳᠤᠯᠠᠨ ᠬᠡᠷᠡᠭᠵᠢᠭᠦᠯᠵᠦ᠂ ᠦᠢᠯᠡᠳᠦᠯᠭᠡ ᠲᠠᠢ ᠤᠶᠠᠯᠳᠤᠭᠤᠯᠤᠨ ᠪᠦᠷᠢᠨ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠶ᠃      ᠳᠥᠷᠪᠡᠳᠦᠭᠡᠷ ᠲᠤ᠂ ᠬᠤᠲᠠ ᠶᠢᠨ ᠭᠡᠷ ᠪᠠᠶᠢᠰᠢᠩ ᠭᠠᠵᠠᠷ ᠬᠦᠷᠦᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠤᠨ ︽ᠴᠠᠭᠠᠨ ᠨᠡᠷᠡᠰ︾ ᠤᠨ ᠳᠦᠷᠢᠮ ᠢ ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠭᠤᠣᠯ ᠴᠣᠭᠴᠠ ᠶᠢᠨ ᠢᠲᠡᠭᠡᠮᠵᠢ ᠳᠤ ᠲᠦᠰᠢᠭᠯᠡᠵᠦ ᠪᠠᠶᠢᠭᠰᠠᠨ ᠠᠴᠠ ᠲᠦᠷᠦᠯ ᠵᠦᠢᠯ ᠤᠨ ᠪᠠᠶᠢᠳᠠᠯ ᠳᠤ ᠰᠠᠭᠤᠷᠢᠯᠠᠬᠤ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃      ᠲᠠᠪᠤᠳᠤᠭᠠᠷ ᠲᠤ᠂ ᠬᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ᠂ ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠬᠡᠷ ᠪᠠᠶᠢᠰᠢᠩ ᠤᠨ ᠳᠠᠭᠠᠳᠬᠠᠯ ᠤᠨ ᠲᠦᠷᠢᠮ ᠢ ᠰᠤᠳᠤᠯᠤᠨ ᠪᠠᠶᠢᠭᠤᠯᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠣᠳᠣᠬᠠᠨ ᠳᠤ᠂ ᠱᠠᠩᠬᠠᠢ ᠵᠡᠷᠭᠡ 22 ᠬᠤᠲᠠ ᠳᠤ ᠶᠠᠭ ᠲᠤᠷᠰᠢᠯᠲᠠ ᠬᠢᠵᠦ ᠪᠠᠶᠢᠨ᠎ᠠ᠃ ᠣᠨᠴᠠᠭᠠᠶᠢᠯᠠᠨ ᠭᠡᠷ ᠪᠠᠶᠢᠰᠢᠩ ᠤᠨ ᠨᠠᠰᠤᠵᠢᠯ ᠤᠨ ᠮᠥᠩᠭᠦ ᠶᠢᠨ ᠲᠠᠯ᠎ᠠ ᠪᠠᠷ᠂ ᠬᠤᠪᠢ ᠬᠥᠮᠥᠨ ᠤ ᠲᠠᠩᠰᠠᠨ ᠡᠷᠦᠬᠡ ᠨᠢ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠲᠤᠰᠢᠶᠠᠬᠤ ᠪᠠᠷ ᠳᠠᠮᠵᠢᠭᠤᠯᠤᠨ ᠨᠢᠭᠡᠨᠲᠡ ᠪᠤᠢ ᠪᠤᠯᠵᠠᠢ᠂ ᠲᠤᠷᠰᠢᠯᠲᠠ ᠶᠢᠨ ᠴᠡᠭ ᠤᠨ ᠭᠤᠣᠯᠳᠠᠯᠭ᠎ᠠ ᠨᠢ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠲᠠᠩᠰᠠᠨ ᠡᠷᠦᠬᠡ ᠶᠢ ᠪᠠᠶᠢᠭᠤᠯᠬᠤ ᠶᠠᠪᠤᠳᠠᠯ ᠪᠣᠯᠣᠨ᠎ᠠ᠃      ᠵᠢᠷᠭᠤᠳᠤᠭᠠᠷ ᠲᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠤᠶᠤᠨᠴᠢᠯᠠᠭᠰᠠᠨ᠂ ᠠᠮᠤᠷ ᠲᠦᠪᠰᠢᠨ ︽ᠰᠠᠶᠢᠨ ᠭᠡᠷ︾ ᠢ ᠪᠦᠳᠦᠭᠡᠨ ᠪᠠᠶᠢᠭᠤᠯᠤᠨ᠎ᠠ᠃ ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠪᠠᠷᠢᠮᠵᠢᠶ᠎ᠠ ᠲᠣᠭᠲᠠᠭᠠᠬᠤ᠂ ᠦᠯᠢᠭᠡᠷ ᠵᠠᠭᠪᠤᠷ ᠢ ᠪᠤᠢ ᠪᠤᠯᠭᠠᠬᠤ ᠲᠠᠯ᠎ᠠ ᠪᠠᠷ ᠨᠢᠭᠡᠨᠲᠡ ᠡᠳᠦᠶ ᠲᠡᠳᠦᠶ ᠠᠵᠢᠯ ᠬᠢᠵᠡᠢ᠂ ᠲᠠᠷᠠᠭᠠᠴᠢ ᠶᠢᠨ ᠠᠯᠬᠤᠮ ᠳᠤ ᠰᠢᠰᠲ᠋ᠧᠮ ᠪᠠᠶᠢᠭᠤᠯᠬᠤ ᠂ ᠦᠢᠯᠡᠴᠢᠯᠡᠭᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ᠎ᠠ᠃    ᠢᠷᠡᠯᠲᠡ᠄ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1