ᠭᠦᠭᠡᠬᠤᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠢᠨ᠎ᠡ ᠡᠨᠧᠷᠭᠢ ᠶᠢᠨ ᠠᠵᠤ ᠦᠢᠯᠡᠰ ᠲᠦᠷᠭᠡᠨ ᠬᠥᠭᠵᠢᠵᠦ ᠪᠤᠢ
ᠨᠡᠶᠢᠲᠡᠯᠡᠭᠰᠡᠨ ᠴᠠᠭ᠄
2024/8/5
      ᠭᠦᠭᠡᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠠᠭᠠᠯᠢᠴᠢᠨ ᠲᠣᠭᠤᠷᠢᠭ ᠤᠨ ᠬᠡᠰᠡᠭ ᠤᠨ ᠯᠢ ᠦ᠋ ᠣᠶᠤᠨᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠺᠤᠮᠫᠠᠨᠢ ᠶᠢᠨ ᠨᠢᠭᠡᠨ ᠦᠢᠯᠡᠳᠪᠦᠷᠢ  ᠶᠢᠨ ᠲᠠᠰᠤᠭ ᠲᠤ᠂ ᠺᠤᠮᠫᠠᠨᠢ ᠶᠢᠨ ᠮᠡᠷᠭᠡᠵᠢᠯᠲᠡᠨ ᠠᠴᠠ ᠺᠤᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠬᠦᠷᠳᠦᠲᠦ ᠮᠠᠶ᠋ᠢᠭ ᠤᠨ ᠭᠡᠷᠡᠯᠴᠢ ᠴᠡᠨᠡᠭ ᠤᠨ ᠬᠠᠪᠲᠠᠰᠤ ᠶᠢ ᠴᠡᠪᠡᠷᠯᠡᠬᠦ ᠮᠠᠰᠢᠨ ᠬᠥᠮᠥᠨ ᠢ  ᠤᠭᠰᠠᠷᠠᠨ ᠲᠣᠬᠢᠷᠠᠭᠤᠯᠵᠤ ᠪᠠᠶᠢᠨ᠎ᠠ᠃ ᠡᠨᠡ ᠵᠢᠯ ᠤᠨ 9 ᠰᠠᠷ᠎ᠠ ᠶᠢᠨ ᠰᠡᠭᠦᠯᠴᠢ ᠪᠠᠷ᠂ ᠡᠨᠡ ᠬᠦ ᠤᠯᠤᠰ ᠤᠨ ᠲᠤᠰᠬᠠᠢ ᠠᠰᠢᠭ  ᠤᠨ ᠡᠷᠬᠡ ᠲᠠᠢ ᠭᠡᠷᠡᠯᠴᠢ ᠴᠡᠨᠡᠭ ᠤᠨ ᠬᠠᠪᠲᠠᠰᠤ ᠶᠢ ᠴᠡᠪᠡᠷᠯᠡᠬᠦ ᠮᠠᠰᠢᠨ ᠬᠥᠮᠥᠨ ᠲᠤᠰ ᠨᠡᠭᠡᠭᠡᠯᠲᠡ ᠶᠢᠨ ᠲᠣᠭᠤᠷᠢᠭ  ᠤᠨ ᠽᠧ ᠯᠢᠨ ᠲᠠᠷᠢᠶᠠᠯᠠᠩ ᠤᠨ 40 ᠰᠠᠶ᠎ᠠ ᠸᠠᠲ ᠤᠨ ᠭᠡᠷᠡᠯᠴᠢ ᠴᠡᠨᠡᠭ ᠤᠨ ᠴᠠᠭᠢᠯᠭᠠᠨ ᠥᠷᠲᠡᠭᠡ ᠳᠤ ᠡᠬᠢᠯᠡᠨ ᠠᠵᠢᠯᠯᠠᠬᠤ ᠪᠣᠯᠣᠨ᠎ᠠ᠃      ᠡᠨᠡ ᠬᠦ ᠮᠠᠰᠢᠨ ᠬᠥᠮᠥᠨ ᠢ ᠬᠡᠷᠡᠭᠯᠡᠭᠰᠡᠨ ᠤ ᠳᠠᠷᠠᠭ᠎ᠠ᠂ ᠭᠡᠷᠡᠯᠴᠢ ᠴᠡᠨᠡᠭ ᠤᠨ ᠬᠠᠪᠲᠠᠰᠤ ᠶᠢ ᠭᠠᠷᠠᠭ ᠪᠦᠷᠢ ᠨᠢᠭᠡ ᠤᠳᠠᠭ᠎ᠠ ᠤᠬᠢᠶᠠᠨ ᠴᠡᠪᠡᠷᠯᠡᠵᠦ᠂ ᠴᠢᠨᠠᠭᠰᠢᠯᠠᠪᠠᠯ ᠡᠳᠦᠷ ᠪᠦᠷᠢ ᠤᠬᠢᠶᠠᠨ ᠴᠡᠪᠡᠷᠯᠡᠬᠦ ᠪᠣᠯᠣᠨ᠎ᠠ᠃ ᠥᠪᠡᠷ ᠤᠨ ᠥᠷᠲᠡᠭ ᠨᠢ ᠬᠥᠮᠥᠨ ᠤ ᠬᠦᠴᠦ ᠪᠠᠷ ᠴᠡᠪᠡᠷᠯᠡᠬᠦ ᠥᠪᠡᠷ ᠤᠨ ᠥᠷᠲᠡᠭ ᠠᠴᠠ ᠬᠤᠯᠠ ᠳᠣᠣᠷ᠎ᠠ ᠪᠥᠭᠡᠳ 10% ᠣᠷᠴᠢᠮ ᠤᠨ ᠭᠡᠷᠡᠯᠴᠢ ᠴᠡᠨᠡᠭ ᠤᠨ ᠬᠠᠪᠲᠠᠰᠤ ᠶᠢᠨ ᠴᠢᠳᠠᠮᠵᠢ ᠶᠢ ᠳᠡᠭᠡᠭᠰᠢᠯᠡᠭᠦᠯᠵᠦ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠠᠵᠤ ᠠᠬᠤᠶᠢᠯᠠᠯ ᠨᠢ ᠭᠡᠷᠡᠯᠴᠢ ᠴᠡᠨᠡᠭ ᠤᠨ ᠬᠠᠪᠲᠠᠰᠤ ᠶᠢ ᠲᠣᠭᠤᠷᠢᠨ ᠪᠠᠶᠢᠴᠠᠭᠠᠬᠤ ᠮᠠᠰᠢᠨ ᠬᠥᠮᠥᠨ᠂ ᠭᠡᠷᠡᠯᠴᠢ ᠴᠡᠨᠡᠭ ᠤᠨ ᠬᠠᠪᠲᠠᠰᠤ ᠶᠢ ᠰᠡᠯᠪᠢᠨ ᠵᠠᠰᠠᠬᠤ ᠮᠠᠰᠢᠨ ᠬᠥᠮᠥᠨ ᠵᠢᠴᠢ ᠡᠪᠡᠰᠦ ᠬᠠᠳᠤᠬᠤ ᠮᠠᠰᠢᠨ ᠬᠥᠮᠥᠨ ᠵᠢᠴᠢ ᠭᠡᠷᠡᠯᠴᠢ ᠴᠡᠨᠡᠭ ᠤᠨ ᠲᠡᠭᠡᠭᠡᠪᠦᠷᠢ ᠶᠢᠨ ᠮᠠᠰᠢᠨ ᠬᠥᠮᠥᠨ ᠤ ᠬᠠᠮᠢᠶᠠᠷᠤᠯᠲᠠ ᠶᠢᠨ ᠲᠠᠪᠴᠠᠩ ᠵᠡᠷᠭᠡ ᠠᠯᠢ ᠣᠯᠠᠨ ᠦᠢᠯᠡᠳᠬᠦᠨ ᠢ ᠦᠷᠭᠦᠯᠵᠢᠯᠡᠨ ᠨᠡᠭᠡᠭᠡᠨ ᠬᠥᠭᠵᠢᠭᠦᠯᠦᠨ᠎ᠡ᠃      ᠠᠩᠬᠠᠨ ᠤ ᠡᠭᠦᠳᠦᠯᠲᠡ ᠶᠢᠨ ᠬᠤᠭᠤᠴᠠᠭᠠᠨ ᠳᠤ ᠪᠠᠶᠢᠭ᠎ᠠ ᠯᠢ ᠦ᠋ ᠣᠶᠤᠨᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠲᠤᠰ ᠨᠡᠭᠡᠭᠡᠯᠲᠡ ᠶᠢᠨ ᠲᠣᠭᠤᠷᠢᠭ ᠲᠤ ᠨᠤᠲᠤᠭᠰᠢᠭᠰᠠᠨ ᠨᠢ᠂ ᠠᠳᠡ ᠮᠠᠰᠢ ᠣᠯᠠᠨ ᠬᠠᠮᠢᠶ᠎ᠠ ᠪᠦᠬᠦᠢ ᠠᠵᠤ ᠠᠬᠤᠶᠢᠯᠠᠯ᠂ ᠬᠠᠷᠠᠭᠠᠯᠵᠠᠭᠰᠠᠨ ᠵᠠᠬ᠎ᠠ ᠳᠡᠯᠭᠡᠭᠦᠷ ᠪᠠ ᠬᠦᠴᠦᠷᠬᠡᠭ ᠶᠡᠭᠡ ᠭᠡᠷᠡᠯᠴᠢ ᠴᠡᠨᠡᠭ ᠤᠨ ᠠᠵᠤ ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠯ ᠪᠤᠯᠭᠠᠬᠰᠠᠨ ᠠᠴᠠ ᠪᠣᠯᠤᠭᠰᠠᠨ ᠶᠤᠮ᠃ ᠪᠦᠷᠢᠳᠬᠡᠯ ᠢ ᠦᠨᠳᠦᠰᠦᠯᠡᠪᠡᠯ᠂ ᠨᠡᠭᠡᠭᠡᠯᠲᠡ ᠶᠢᠨ ᠲᠣᠭᠤᠷᠢᠭ ᠲᠤ ᠠᠲ᠋ᠧᠰ᠂ ᠬᠤᠸᠠ ᠶᠣᠣ ᠭᠡᠷᠡᠯ ᠴᠠᠭᠢᠯᠭᠠᠨ ᠢᠶᠠᠷ ᠭᠤᠣᠯ ᠪᠤᠯᠭᠠᠬᠰᠠᠨ ᠭᠡᠷᠡᠯᠴᠢ ᠴᠡᠨᠡᠭ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠨᠢ 2024 ᠣᠨ ᠳᠤ 10 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠳᠣᠲᠣᠷ᠎ᠠ 8 ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠪᠣᠯᠣᠨ᠎ᠠ᠃      ᠲᠤᠰ ᠨᠡᠭᠡᠭᠡᠯᠲᠡ ᠶᠢᠨ ᠲᠣᠭᠤᠷᠢᠭ ᠤᠨ ᠬᠠᠮᠤᠭ ᠤᠨ ᠰᠢᠨ᠎ᠡ ᠲᠣᠳᠣᠷᠬᠠᠶᠢᠯᠠᠭᠰᠠᠨ ᠳᠥᠷᠪᠡᠨ ᠶᠡᠭᠡ ᠠᠵᠤ ᠦᠢᠯᠡᠰ ᠤᠨ ᠳᠣᠲᠣᠷ᠎ᠠ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠲᠣᠨᠣᠭᠯᠠᠯ ᠦᠢᠯᠡᠳᠬᠦ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠨᠢ ᠴᠥᠮ  ︽ᠰᠢᠨ᠎ᠡ ᠡᠨᠧᠷᠭᠢ︾ ᠠᠴᠠ ᠰᠠᠯᠵᠤ ᠴᠢᠳᠠᠬᠤ ᠦᠭᠡᠢ ᠶᠤᠮ᠃ ᠨᠡᠭᠡᠭᠡᠯᠲᠡ ᠶᠢᠨ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠲᠥᠯᠥᠪᠯᠡᠭᠡ ᠳᠤ᠂ 2024 ᠣᠨ ᠤ ᠭᠤᠣᠯᠯᠠᠬᠤ ᠠᠵᠤ ᠦᠢᠯᠡᠰ ᠤᠨ ᠲᠥᠯᠥᠪᠯᠡᠭᠡ ᠶᠢᠨ ᠠᠰᠢᠭᠯᠠᠯᠲᠠ ᠳᠤ ᠣᠷᠣᠭᠤᠯᠬᠤ ᠲᠥᠷᠥᠯ ᠵᠦᠢᠯ 34 ᠪᠠᠶᠢᠵᠤ᠂ ᠡᠭᠦᠨ ᠳᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠲᠥᠷᠥᠯ ᠵᠦᠢᠯ 15 ᠶᠢ ᠡᠵᠡᠯᠡᠵᠦ ᠪᠠᠶᠢᠨ᠎ᠠ᠃ 2024 ᠣᠨ ᠳᠤ 36 ᠲᠦᠷᠦᠯ ᠵᠦᠢᠯ ᠢ ᠨᠥᠭᠡᠴᠡᠯᠡᠵᠦ᠂ ᠡᠭᠦᠨ ᠳᠤ ᠰᠢᠨ᠎ᠡ ᠡᠨᠧᠷᠭᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ 21 ᠶᠢ ᠡᠵᠡᠯᠡᠬᠦ ᠪᠣᠯᠣᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1