ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠬᠤᠢ ᠲᠠᠯᠠᠪᠠᠶ ᠶᠢᠨ ᠬᠤᠷᠠᠯ ᠢ ᠬᠢᠩᠭᠠᠨ ᠠᠶᠢᠮᠠᠭ ᠲᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 31 ᠤ ᠡᠳᠦᠷ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠬᠤᠢ ᠲᠠᠯᠠᠪᠠᠶ ᠶᠢᠨ ᠬᠤᠷᠠᠯ ᠢ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠬᠤᠸᠠᠩ ᠲᠤᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃      ᠬᠤᠷᠠᠯ ᠠᠴᠠ᠂ ᠪᠥᠬᠦ ᠣᠷᠣᠨ ᠤ ᠲᠣᠰᠬᠤᠨ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠲᠣᠰ  ᠪᠦᠷᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠳ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤ ᠶᠢᠨ ᠬᠤᠭ ᠨᠣᠪᠰᠢ ᠶᠢ ᠰᠢᠭᠰᠢᠨ ᠬᠤᠪᠢᠶᠠᠷᠢᠯᠠᠬᠤ ᠦᠢᠯᠡᠳᠪᠦᠷᠢ᠂ ᠡᠤ ᠳ᠋ᠤᠤ ᠾᠧ ᠽᠢ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠂ ᠬᠤᠯᠪᠤᠭ᠎ᠠ ᠪᠠᠯᠭᠠᠰᠤᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠵᠢᠴᠢ ᠬᠤᠯᠪᠣᠭ᠎ᠠ ᠪᠠᠯᠭᠠᠰᠤᠨ ᠤ ᠲᠠᠷᠬᠠᠮᠠᠯ ᠬᠡᠯᠪᠡᠷᠢ ᠶᠢᠨ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠵᠡᠷᠭᠡ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠶ ᠶᠢᠨ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠤᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠪᠠᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠢ ᠨᠠᠷᠢᠯᠢᠭ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ︽135︾ ᠶᠢᠨ ᠠᠵᠢᠯᠯᠠᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠵᠠᠰᠠᠬᠤ᠂ ᠪᠠᠶᠢᠭᠤᠯᠤᠮᠵᠢᠳᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠳᠠᠬᠢᠨ ᠪᠦᠳᠦᠭᠡᠬᠦ ᠶᠢ ᠲᠠᠰᠤᠷᠠᠯᠲᠠ ᠥᠬᠡᠶ ᠠᠬᠢᠭᠤᠯᠵᠤ᠂ ᠲᠠᠬᠢᠨᠳᠠ ᠳᠡᠭᠡᠭᠰᠢᠯᠡᠭᠦᠯᠦᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ  ᠢᠶᠠᠨ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠴᠠᠭ ᠢ ᠠᠮᠵᠢᠵᠤ᠂ ᠠᠬᠢᠴᠠ ᠶᠢ ᠠᠳᠬᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠲᠣᠭᠲᠠᠭᠰᠠᠨ ᠬᠤᠭᠤᠴᠠᠭᠠᠨ  ᠳᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠵᠠᠰᠠᠬᠤ ᠵᠠᠭᠪᠤᠷ ᠢ ᠵᠦᠶ ᠵᠣᠬᠢᠰᠲᠠᠶ ᠰᠣᠩᠭᠤᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ ᠪᠣᠳᠠᠲᠤ ᠦᠷ᠎ᠡ ᠪᠦᠲᠦᠮᠵᠢ ᠶᠢ ᠳᠠᠭᠠᠬᠤ ᠵᠠᠷᠴᠢᠮ ᠢ ᠪᠠᠷᠢᠮᠲᠠᠯᠠᠨ ᠬᠤᠭ ᠨᠣᠪᠰᠢ ᠪᠣᠬᠢᠷ ᠤᠰᠤ ᠶᠢ ᠵᠠᠰᠠᠬᠤ ᠵᠠᠭᠪᠤᠷ ᠢ ᠲᠣᠭᠲᠠᠭᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳᠦᠷ ᠲᠤᠲᠤᠮ ᠤᠨ  ᠠᠷᠠᠴᠢᠯᠠᠯᠳᠠ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠡᠵᠡᠩᠨᠡᠯᠲᠡ ᠶᠢᠨ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠬᠥᠲᠥᠯᠦᠨ ᠵᠢᠯᠣᠭᠤᠳᠴᠤ᠂ ᠪᠡᠯᠡᠳᠬᠡᠮᠵᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠴᠦ ᠦᠷᠭᠦᠯᠵᠢᠯᠡᠨ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ ᠪᠠ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠶ ᠭᠡᠵᠤ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ  ᠤᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ᠢᠷᠡᠯᠳᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1