ᠮᠠᠨ ᠤ ᠰᠢᠶᠠᠨ ︽ᠬᠥᠳᠡᠯᠮᠦᠷᠢ ᠰᠠᠶᠢᠨ ᠰᠠᠶᠢᠬᠠᠨ ᠢ ᠪᠦᠳᠦᠭᠡᠨ᠎ᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠶ᠎ᠠ︾ ᠵᠤᠨ ᠤ ᠠᠮᠠᠷᠠᠯᠲᠠ ᠶᠢᠨ ᠬᠤᠭᠤᠴᠠᠭᠠᠨ ᠤ ᠨᠠᠰᠤᠨ ᠳᠤ ᠦᠯᠦ ᠬᠦᠷᠦᠭᠰᠡᠳ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/6
      ᠨᠠᠰᠤᠨ ᠳᠤ ᠥᠯᠥ ᠭᠦᠷᠦᠭᠰᠡᠳ ᠤᠨ ᠪᠣᠳᠠᠰ ᠤᠨ ᠪᠤᠰᠤ ᠰᠣᠶᠣᠯ ᠤᠨ ᠥᠪ ᠤᠨ ᠲᠠᠨᠢᠨ ᠮᠡᠳᠡᠬᠦᠢ ᠪᠠ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠲᠡᠳᠡᠨ ᠤ ᠭᠤᠸ᠎ᠠ ᠰᠠᠶᠢᠬᠠᠨ ᠤ ᠴᠢᠳᠠᠪᠤᠷᠢ ᠪᠠ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠶᠢᠨ ᠬᠠᠮᠲᠤ ᠬᠥᠳᠡᠯᠮᠦᠷᠢ ᠳᠤ ᠰᠠᠶᠢᠨ ᠰᠠᠶᠢᠬᠠᠨ ᠬᠥᠮᠦᠨ ᠤ ᠠᠮᠢᠳᠤᠷᠠᠯ ᠤᠨ ᠣᠪᠣᠷ ᠢ ᠪᠣᠶ ᠪᠣᠯᠭᠠᠬᠤ ᠶᠢ ᠰᠠᠨᠠᠭᠠᠴᠢᠯᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 5 ᠤ ᠡᠳᠦᠷ᠂ ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠤ ᠡᠷᠭᠢᠯᠡᠭᠰᠡᠨ ︽ᠬᠥᠳᠡᠯᠮᠦᠷᠢ ᠰᠠᠶᠢᠨ ᠰᠠᠶᠢᠬᠠᠨ ᠢ ᠪᠦᠳᠦᠭᠡᠨ᠎ᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠶ᠎ᠠ︾ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠰᠤᠨ ᠳᠤ ᠥᠯᠥ ᠭᠦᠷᠦᠭᠰᠡᠳ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠲᠣᠭᠲᠠᠬᠤ ᠰᠢᠶᠠᠨ ᠤ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃
     ᠠᠵᠢᠯᠯᠠᠭ᠎ᠠ ᠶᠢᠨ ᠳᠤᠮᠳᠠ᠂ ᠲᠣᠭᠲᠠᠬᠤ ᠰᠢᠶᠠᠨ ᠤ ᠵᠠᠯᠠᠭᠤᠴᠤᠳ ᠪᠠᠭᠠᠴᠤᠳ ᠤᠨ ᠣᠷᠳᠣᠨ ᠤ ᠵᠣᠨ ᠤ ᠠᠮᠠᠷᠠᠯᠲᠠ ᠶᠢᠨ ᠨᠠᠶᠢᠳᠠᠨ ᠬᠠᠮᠢᠶᠠᠷᠤᠭᠤᠯᠬᠤ ᠠᠩᠭᠢ ᠶᠢᠨ ᠬᠡᠦᠬᠡᠳ ᠤᠳ ᠬᠤᠲᠠ ᠶᠢᠨ ᠳᠡᠰ ᠤᠨ ᠤᠯᠠᠮᠵᠢᠯᠠᠭᠴᠢ ᠭᠦᠸᠧ ᠰᠢᠶᠤᠤ ᠮᠢᠨ ᠪᠠᠭᠰᠢ ᠶᠢᠨ ᠴᠠᠭᠠᠰᠤᠨ ᠬᠠᠶᠢᠴᠢᠯᠠᠮᠠᠯ ᠤᠨ ᠲᠡᠤᠬᠡ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠦᠢᠯᠡᠳᠦᠯᠭᠡ ᠶᠢᠨ ᠠᠵᠢᠯᠯᠠᠭ᠎ᠠ ᠬᠢᠵᠦ᠂ ᠡᠴᠦᠰ ᠲᠡᠭᠡᠨ ᠪᠢᠴᠢᠬᠠᠨ ᠨᠠᠶᠢᠵᠠ ᠨᠢᠭᠡᠪᠦᠷᠢ ᠥᠪᠡᠷ ᠤᠨ ᠥᠪᠡᠷᠮᠢᠴᠡ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠨ ᠠᠮᠵᠢᠯᠲᠠ ᠲᠠᠢ ᠳᠡᠯᠭᠡᠨ ᠦᠵᠡᠭᠦᠯᠵᠡᠶ᠃    ᠲᠣᠰ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠰᠤᠨ ᠳᠤ ᠥᠯᠥ ᠭᠦᠷᠦᠭᠰᠡᠳ ᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠡᠳᠡᠨ ᠤ ᠦᠢᠯᠡᠳᠦᠯᠭᠡ ᠶᠢᠨ ᠴᠢᠳᠠᠪᠤᠷᠢ ᠪᠠ ᠭᠤᠸ᠎ᠠ ᠰᠠᠶᠢᠬᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠢ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠬᠤ ᠶᠠᠪᠤᠴᠠ ᠳᠤ ᠠᠭᠤᠰᠬᠠᠵᠤ᠂ ᠤᠯᠠᠮᠵᠢᠯᠠᠯᠲᠤ ᠰᠣᠶᠣᠯ ᠤᠨ ᠬᠠᠮᠠᠭᠠᠯᠠᠯᠲᠠ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1