ᠲᠣᠭᠲᠠᠬᠤ ᠰᠢᠶᠠᠨ ᠤ ᠤᠯᠠᠭᠠᠨᠮᠥ᠋ᠴᠢᠷ ︽ᠬᠠᠮᠤᠭ ᠪᠠᠭ᠋ᠠᠷᠬᠠᠳᠠᠭ ᠶᠡᠷᠦᠩᠬᠡᠢ ᠱᠦᠵᠢ ᠶᠢᠨ ᠦᠭᠡ ︾ ᠭᠡᠬᠦ ᠭᠤᠣᠯ ᠰᠡᠳᠦᠪᠲᠦ ᠤᠳᠬ᠎ᠠ ᠤᠷᠠᠯᠢᠭ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/6
      ︽ᠤᠳᠬ᠎ᠠ ᠤᠷᠠᠯᠢᠭ ᠪᠣᠯ ᠴᠠᠭ ᠦᠶ᠎ᠡ ᠶᠢᠨ ᠤᠷᠤᠭᠰᠢᠯᠠᠯᠲᠠ ᠶᠢᠨ ᠪᠦᠷᠢᠶ᠎ᠡ ᠮᠥᠨ᠂ ᠴᠠᠭ ᠦᠶ᠎ᠡ ᠶᠢᠨ ᠳᠦᠷᠰᠦ ᠪᠠᠶᠢᠳᠠᠯ ᠢ ᠬᠠᠮᠤᠭ ᠠᠴᠠ ᠢᠯᠡᠭᠦᠦ ᠲᠥᠯᠥᠭᠡᠯᠡᠵᠦ᠂ ᠴᠠᠭ ᠦᠶ᠎ᠡ ᠶᠢᠨ ᠬᠡᠪ ᠰᠤᠷᠲᠠᠯ ᠢ ᠬᠠᠮᠤᠭ ᠤᠨ ᠶᠡᠭᠡ ᠪᠠᠷ ᠬᠥᠲᠥᠯᠥᠨ ᠳᠠᠭᠠᠭᠤᠯᠵᠤ ᠴᠢᠳᠠᠨ᠎ᠠ︾᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠦᠭᠡ ᠤᠳᠬ᠎ᠠ ᠤᠷᠠᠯᠢᠭ ᠤᠨ ᠴᠠᠭ ᠦᠶ᠎ᠡ ᠶᠢᠨ ᠬᠥᠭᠵᠢᠯᠲᠡ ᠶᠢᠨ ᠳᠤᠮᠳᠠᠬᠢ ᠴᠢᠬᠤᠯᠠ ᠦᠢᠯᠡᠳᠦᠯ ᠢ ᠭᠦᠨᠵᠡᠭᠡᠢ ᠲᠠᠶᠢᠯᠪᠤᠷᠢᠯᠠᠵᠠᠢ᠃ ᠲᠣᠭᠲᠠᠬᠤ ᠰᠢᠶᠠᠨ ᠤ ᠤᠯᠠᠭᠠᠨᠮᠥ᠋ᠴᠢᠷ ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ︽ᠤᠳᠬ᠎ᠠ ᠤᠷᠠᠯᠢᠭ ᠤᠨ ᠤᠬᠠᠭᠤᠯᠤᠨ ᠲᠠᠶᠢᠯᠪᠤᠷᠢᠯᠠᠬᠤ︾ ᠬᠡᠯᠪᠡᠷᠢ ᠪᠠᠷ ᠤᠬᠠᠭᠤᠯᠭ᠎ᠠ ᠶᠢᠨ ᠲᠣᠭᠯᠠᠯᠲᠠ ᠥᠷᠨᠢᠭᠦᠯᠵᠦ᠂ ᠥᠷᠭᠡᠨ ᠤᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ ᠰᠣᠨᠢᠷᠬᠠᠬᠤ ᠶᠢᠨ ᠬᠠᠮᠲᠤ ᠨᠠᠮ ᠤᠨ ᠲᠦᠷᠦ ᠶᠢᠨ ᠪᠤᠳᠤᠯᠭ᠎ᠠ ᠶᠢᠨ ᠤᠨᠤᠯ ᠢ ᠰᠤᠷᠤᠯᠴᠠᠨ ᠣᠶᠢᠯᠠᠭᠠᠭᠤᠯᠪᠠ᠃      8 ᠳ᠋ᠤᠭᠠᠷ ᠰᠠᠷ᠎ᠠ ᠶᠢᠨ 1 ᠤ ᠡᠳᠦᠷ᠂ ᠲᠣᠭᠲᠠᠬᠤ ᠰᠢᠶᠠᠨ ᠤ ᠤᠯᠠᠭᠠᠨᠮᠥ᠋ᠴᠢᠷ ᠶᠦᠨ ᠵᠦᠩ ᠰᠢ ᠵᠦᠴᠦᠭᠡ  ᠶᠢᠨ ᠬᠦᠷᠢᠶᠡᠯᠡᠩ ᠳᠤ ᠬᠦᠷᠴᠦ ︽ᠬᠠᠮᠤᠭ ᠪᠠᠭ᠋ᠠᠷᠬᠠᠳᠠᠭ ᠶᠡᠷᠦᠩᠬᠡᠢ ᠱᠦᠵᠢ ᠶᠢᠨ ᠦᠭᠡ ︾ ᠭᠡᠬᠦ ᠭᠤᠣᠯ ᠰᠡᠳᠦᠪᠲᠦ ᠤᠳᠬ᠎ᠠ ᠤᠷᠠᠯᠢᠭ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠲᠣᠭᠲᠠᠬᠤ ᠰᠢᠶᠠᠨ ᠤ ᠤᠯᠠᠭᠠᠨᠮᠥ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠭᠡ ᠶᠠᠷᠢᠶ᠎ᠠ ᠶᠢ ᠢᠮᠠᠭᠲᠠ ᠪᠠᠲᠤ ᠴᠡᠭᠡᠵᠢᠯᠡᠵᠦ᠂ ᠲᠡᠭᠦᠨ ᠤ ᠳᠣᠲᠣᠷᠠᠬᠢ ᠠᠭᠤᠯᠤᠭᠳᠠᠬᠤᠨ ᠪᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠠᠯᠠᠭᠤᠨ ᠰᠡᠳᠬᠢᠯᠭᠡ ᠪᠠ ᠬᠦᠴᠦ ᠬᠥᠯᠥᠰᠥ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠠᠵᠢᠯ ᠤᠨ ᠣᠷᠣᠨ ᠪᠠᠶᠢᠷᠢ ᠪᠠᠨ ᠣᠨᠣᠪᠴᠢᠲᠠᠢ ᠣᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭᠠᠨ ᠤ ᠳᠤᠮᠳᠠ ᠤᠳᠬ᠎ᠠ ᠤᠷᠠᠯᠢᠭ ᠤᠨ ᠠᠵᠢᠯ ᠤᠨ ᠵᠣᠭᠰᠣᠯᠲᠠ ᠪᠠᠨ ᠲᠤᠪᠤᠶᠢᠯᠭᠠᠵᠦ ᠂ ᠨᠡᠩ ᠤᠯᠠᠨ ︽ᠤᠯᠠᠨ ᠲᠦᠮᠡᠨ ᠲᠠᠢ ᠣᠶᠢᠷᠠᠲᠤᠭᠰᠠᠨ︾᠂ ᠬᠦᠴᠦᠨ ᠴᠢᠳᠠᠯ ᠲᠠᠢ᠂ ᠦᠵᠡᠯ ᠰᠠᠨᠠᠭ᠎ᠠ ᠲᠠᠢ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠬᠤ ᠶᠢᠨ ᠬᠠᠮᠲᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠯᠠᠨ ᠬᠠᠷᠠᠭᠠᠰᠤ᠂ ᠤᠯᠠᠨ ᠠᠷᠭ᠎ᠠ ᠵᠠᠮ ᠢᠶᠠᠷ ︽ᠤᠳᠬ᠎ᠠ ᠤᠷᠠᠯᠢᠭ ᠤᠨ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠮᠠᠨ ᠤ ᠰᠢᠶᠠᠨ ᠤ ᠡᠯ᠎ᠡ ᠡᠲᠡᠭᠡᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠨᠢᠭᠳᠠᠷᠠᠭᠤᠯᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1