2024 ᠣᠨ ᠤ ᠬᠤᠶᠠᠳᠤᠭᠠᠷ ᠤᠯᠠᠷᠢᠯ ᠤᠨ ︽ᠳᠤᠮᠳᠠᠳᠤ ᠤᠯᠤᠰ ᠤᠨ ᠰᠠᠶᠢᠨ ᠬᠥᠮᠦᠨ ᠤ ᠨᠡᠷᠡᠰ︾ ᠢ ᠨᠡᠶᠢᠲᠡᠯᠡᠵᠦ ᠬᠥᠬᠡᠬᠤᠲᠠ ᠶᠢᠨ 1 ᠬᠥᠮᠦᠨ ᠨᠡᠷᠡᠰ ᠲᠤ ᠣᠷᠣᠪᠠ
ᠨᠡᠶᠢᠲᠡᠯᠡᠭᠰᠡᠨ ᠴᠠᠭ᠄
2024/8/6
      ︵ᠰᠤᠷᠪᠤᠯᠵᠢᠯᠠᠭᠴᠢ ᠯᠢᠦᠢ ᠬᠤᠢ ᠱᠧᠩ︶ 7 ᠳ᠋ᠤᠭᠠᠷ ᠰᠠᠷ᠎ᠠ ᠶᠢᠨ 30 ᠤ ᠡᠳᠦᠷ᠂ 2024 ᠣᠨ ᠤ ᠬᠤᠶᠠᠳᠤᠭᠠᠷ ᠤᠯᠠᠷᠢᠯ ᠤᠨ ︽ᠳᠤᠮᠳᠠᠳᠤ ᠤᠯᠤᠰ ᠤᠨ ᠰᠠᠶᠢᠨ ᠬᠥᠮᠦᠨ ᠤ ᠨᠡᠷᠡᠰ︾ ᠢ ᠨᠡᠶᠢᠲᠡᠯᠡᠬᠦ ᠶᠣᠰᠣᠯᠠᠯ ᠵᠢᠴᠢ ᠪᠥᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠬᠢᠭᠡᠳ ᠳᠡᠷᠭᠡᠳᠡᠬᠢ ᠰᠠᠶᠢᠨ ᠬᠥᠮᠦᠨ ᠤ ᠲᠤᠬᠠᠶ ᠶᠢᠨ ᠲᠠᠯᠠᠪᠠᠶ ᠳᠤ ᠰᠣᠯᠢᠯᠴᠠᠬᠤ ᠠᠵᠢᠯᠯᠠᠭ᠎ᠠ ᠱᠠᠨ ᠰᠢ ᠮᠤᠵᠢ ᠶᠢᠨ ᠳ᠋ᠠᠲ᠋ᠦ᠋ᠩ ᠬᠤᠲᠠ ᠳᠤ ᠶᠠᠪᠤᠭᠳᠠᠪᠠ᠃ ᠡᠯ᠎ᠡ ᠭᠠᠵᠠᠷ ᠤᠨ ᠲᠠᠨᠢᠯᠴᠠᠭᠤᠯᠤᠭᠰᠠᠨ᠂ ᠰᠦᠯᠵᠢᠶᠡᠨ ᠨᠠᠶᠢᠵᠠ ᠶᠢᠨ ᠦᠨᠡᠯᠡᠭᠡ ᠪᠠ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠲᠠᠮᠵᠢᠭᠠᠳ ᠨᠡᠶᠢᠲᠡ 153 ᠬᠦᠮᠦᠨ ︵ᠳᠤᠭᠤᠶᠢᠯᠠᠩ︶ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠲᠥᠪ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠵᠦ᠂ ᠦᠨᠡᠨᠴᠢ ᠢᠲᠡᠭᠡᠮᠵᠢᠲᠡᠢ ᠪᠠᠶᠢᠵᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠳᠡᠷᠭᠡᠳᠡᠬᠢ ᠰᠠᠶᠢᠨ ᠬᠥᠮᠦᠨ ᠤ ᠢᠷᠠᠭᠤ ᠠᠯᠳᠠᠷ ᠢᠶᠠᠷ ᠲᠣᠳᠣᠷᠠᠪᠠ᠃ ᠡᠭᠦᠨ ᠳᠤ᠂ ᠬᠥᠬᠡᠬᠤᠲᠠ ᠶᠢᠨ ᠰᠦᠸᠧ ᠯᠢᠶᠠᠨ ᠬᠤᠩ ︽ᠪᠤᠰᠤᠳ ᠢ ᠬᠠᠪᠰᠤᠷᠬᠤ ᠪᠠᠷ ᠵᠢᠷᠭᠠᠯ ᠪᠤᠯᠭᠠᠬᠤ︾ ᠲᠥᠷᠥᠯ ᠤᠨ ᠳᠤᠮᠳᠠᠳᠤ ᠤᠯᠤᠰ ᠤᠨ ᠰᠠᠶᠢᠨ ᠬᠥᠮᠦᠨ ᠢᠶᠠᠷ ᠦᠨᠡᠯᠡᠭᠳᠡᠪᠡ᠃      ᠰᠦᠸᠧ ᠯᠢᠶᠠᠨ ᠬᠤᠩ ᠠᠵᠢᠯ ᠠᠴᠠ ᠪᠠᠨ ᠠᠮᠠᠷᠠᠬᠤ ᠠᠴᠠ ᠡᠮᠦᠨ᠎ᠡ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠦᠢ ᠴᠢᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠪᠠᠭ᠎ᠠ ᠵᠤᠤ ᠡᠮᠦᠨ᠎ᠡ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠪᠠᠶᠢᠪᠠ᠃ ᠰᠦᠸᠧ ᠯᠢᠶᠠᠨ ᠬᠤᠩ ᠤᠨ ᠡᠷ᠎ᠡ ᠨᠥᠬᠦᠷ᠂ ᠰᠢᠯᠢᠳᠡᠭ ᠠᠷᠠᠳ ᠤᠨ ᠴᠠᠭᠳᠠᠭ᠎ᠠ ᠪᠤᠯᠠᠭ ᠬᠠᠷᠭᠢᠰ ᠬᠡᠷᠴᠡᠭᠡᠶ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠬᠤ ᠦᠶᠡᠰ ᠪᠡᠶ᠎ᠡ ᠦᠷᠡᠭᠳᠡᠪᠡ᠃ ᠰᠦᠸᠧ ᠯᠢᠶᠠᠨ ᠬᠤᠩ ᠡᠷ᠎ᠡ ᠨᠥᠬᠦᠷ ᠤᠨ ᠢᠶᠠᠨ ᠭᠡᠷᠢᠶᠡᠰ ᠢ ᠵᠠᠯᠭᠠᠮᠵᠢᠯᠠᠵᠤ᠂ ᠨᠥᠬᠦᠷ ᠤᠨ ᠢᠶᠠᠨ ᠴᠠᠭᠳᠠᠭᠠᠨ ᠤ ᠨᠣᠮᠧᠷ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠪᠣᠯᠵᠠᠢ᠂ ᠲᠡᠷᠡ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠵᠦ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠵᠤ᠂ ᠲᠦᠭ ᠲᠦᠮᠡᠨ ᠠᠶᠢᠯ ᠡᠷᠦᠬᠡ ᠶᠢ ᠳᠤᠯᠠᠭᠠᠴᠠᠭᠤᠯᠵᠤ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠯᠸᠢ ᠹᠧᠩ ᠠᠴᠠ ᠰᠤᠷᠤᠯᠴᠠᠭᠰᠠᠨ ᠲᠡᠷᠢᠭᠦᠨ ᠤ ᠬᠤᠪᠢ ᠬᠥᠮᠦᠨ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ ᠵᠡᠷᠭᠡ ᠢᠷᠠᠭᠤ ᠠᠯᠳᠠᠷ ᠢ ᠬᠦᠷᠲᠡᠵᠦ ᠥᠩᠭᠡᠷᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1