ᠮᠡᠳᠡᠭᠡᠯᠡᠯ ᠢ ᠦᠨᠳᠦᠰᠦᠯᠡᠪᠡᠯ᠂ ᠵᠢᠶᠠᠩᠰᠦ ᠮᠣᠵᠢ ᠶᠢᠨ ᠰᠦ᠋ ᠴᠢᠶᠠᠨ ᠬᠤᠲᠠ ᠲᠥᠰᠦᠯ ᠨᠡᠶᠢᠳᠡᠯᠡᠵᠦ᠂ | ᠬᠠᠮᠳᠤᠪᠡᠷ ᠡᠳ᠋ᠯᠡᠬᠦ ᠵᠦᠯᠭᠡ ᠭᠠᠵᠠᠷ ᠲᠤ ᠰᠤᠯᠪᠢᠴᠠᠭᠤᠯᠤᠨ ᠡᠭᠡᠯᠵᠢᠯᠡᠨ ᠠᠰᠢᠭᠯᠠᠬᠤ ᠠᠷᠭ᠎ᠠ ᠬᠡᠯᠪᠡᠷᠢ ᠶᠢ ᠬᠡᠷᠡᠭᠯᠡᠨ᠎ᠡ᠂ | ᠲᠤᠬᠠᠶᠢᠯᠠᠪᠠᠯ ᠵᠦᠯᠭᠡ ᠭᠠᠵᠡᠷ ᠤᠨ ᠤᠷᠭᠤᠯᠲᠠ ᠶᠢᠨ ᠣᠨᠴᠠᠯᠢᠭ ᠪᠠ ᠤᠯᠠᠷᠢᠯ ᠤᠨ ᠠᠭᠤᠷ ᠠᠮᠢᠰᠭᠤᠯ ᠤᠨ ᠬᠦᠴᠦᠨ | ᠵᠦᠢᠯ ᠢ ᠦᠨᠳᠦᠰᠦᠯᠡᠨ᠂ ᠵᠦᠯᠭᠡ ᠭᠠᠵᠡᠷ ᠲᠤ ᠣᠷᠣᠨ ᠪᠦᠰᠡ ᠬᠤᠪᠢᠶᠠᠨ᠂ ᠴᠠᠭ ᠬᠤᠭᠤᠴᠠᠭ᠎ᠠ ᠬᠤᠪᠢᠶᠠᠨ | ᠨᠡᠭᠡᠭᠡᠯᠲᠡ ᠬᠢᠵᠦ᠂ ᠬᠠᠮᠳᠤᠪᠡᠷ ᠡᠳ᠋ᠯᠡᠬᠦ ᠬᠤᠭᠤᠴᠠᠭ᠎ᠠ᠂ ᠪᠢᠳᠡᠭᠦᠮᠵᠢᠯᠡᠨ ᠰᠡᠯᠪᠢᠨ ᠵᠠᠰᠠᠬᠤ ᠬᠤᠭᠤᠴᠠᠭ᠎ᠠ᠂ | ᠪᠢᠳᠡᠭᠦᠮᠵᠢᠯᠡᠨ ᠠᠷᠠᠴᠢᠯᠠᠨ ᠬᠠᠮᠠᠭᠠᠯᠠᠬᠤ ᠬᠤᠭᠤᠴᠠᠭ᠎ᠠ ᠵᠡᠷᠭᠡ ᠡᠯ᠎ᠡ ᠱᠠᠲᠤᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠲᠣᠳᠣᠷᠬᠠᠢ ᠲᠣᠭᠲᠠᠭᠠᠪᠠ᠃ ᠬᠤᠲᠠ ᠶᠢᠨ ᠠᠷᠠᠳ ᠤᠨ ᠴᠡᠴᠡᠷᠯᠢᠭ ᠤᠨ ᠵᠦᠯᠭᠡ ᠭᠠᠵᠠᠷ ᠢ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠵᠦᠯᠭᠡ ᠭᠠᠵᠠᠷ ᠤᠨ ᠦᠵᠡᠮᠵᠢ ᠶᠢᠨ ᠶᠠᠰᠤ ᠴᠢᠨᠠᠷ ᠢ ᠪᠠᠲᠤᠯᠠᠨ᠎ᠠ ᠭᠡᠵᠡᠢ᠃ | ᠬᠤᠲᠠ ᠶᠢᠨ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠡᠯᠡᠭᠦᠴᠡᠯ ᠤᠨ ᠬᠡᠷᠡᠭᠴᠡᠭᠡ ᠱᠠᠭᠠᠷᠳᠠᠯᠭ᠎ᠠ | ᠪᠠ ᠵᠦᠯᠭᠡ ᠭᠠᠵᠡᠷ ᠤᠨ ᠬᠠᠮᠠᠭᠠᠯᠠᠯᠲᠠ ᠶᠢᠨ ᠬᠤᠭᠤᠷᠣᠨᠳᠣᠬᠢ ᠵᠥᠷᠢᠴᠡᠯ ᠳᠤ ᠴᠢᠭᠯᠡᠭᠦᠯᠦᠨ᠂ ᠰᠦ᠋ ᠴᠢᠶᠠᠨ | ᠬᠤᠲᠠ ᠶᠢᠨ ᠭᠠᠷᠭᠠᠭᠰᠠᠨ ᠬᠠᠮᠳᠤᠪᠡᠷ ᠡᠳ᠋ᠯᠡᠬᠦ ᠵᠦᠯᠭᠡ ᠭᠠᠵᠠᠷ ᠤᠨ ᠰᠤᠯᠪᠢᠴᠠᠭᠤᠯᠤᠨ ᠡᠭᠡᠯᠵᠢᠯᠡᠨ ᠠᠰᠢᠭᠯᠠᠬᠤ | ᠳᠦᠷᠢᠮ ᠪᠣᠯ ᠨᠢᠭᠡ ᠵᠦᠢᠯ ᠤᠨ ᠪᠦᠲᠦᠮᠵᠢᠲᠡᠢ ᠠᠷᠭ᠎ᠠ ᠪᠠᠷᠢᠯ ᠪᠣᠯᠤᠨ᠎ᠠ᠂ ᠭᠤᠣᠯᠳᠠᠭᠤ ᠬᠤᠲᠠ ᠶᠢᠨ ᠠᠷᠠᠳ ᠤᠨ | ᠰᠡᠯᠡᠭᠦᠴᠡᠯ ᠤᠨ ᠬᠡᠷᠡᠭᠴᠡᠭᠡ ᠱᠠᠭᠠᠷᠳᠠᠯᠭ᠎ᠠ ᠪᠠ ᠵᠦᠯᠭᠡ ᠭᠠᠵᠡᠷ ᠤᠨ ᠠᠷᠠᠴᠢᠯᠠᠨ ᠬᠠᠮᠠᠭᠠᠯᠠᠬᠤ ᠬᠡᠷᠡᠭᠴᠡᠭᠡ | ᠱᠠᠭᠠᠷᠳᠠᠯᠭ᠎ᠠ ᠶᠢ ᠲᠡᠩᠴᠡᠭᠦᠷᠢᠲᠡᠢ ᠪᠣᠯᠭᠠᠵᠤ᠂ ᠬᠤᠲᠠ ᠶᠢᠨ ᠠᠷᠠᠳ ᠤᠨ ᠵᠦᠯᠭᠡ ᠭᠠᠵᠡᠷ ᠢ ᠡᠳ᠋ᠯᠡᠬᠦ ᠶᠢᠨ ᠬᠠᠮᠲᠤ᠂ | ᠴᠢᠨᠠᠷ ᠰᠠᠶᠢᠳᠠᠢ ᠦᠢᠯᠡᠴᠢᠯᠡᠭᠡᠨ ᠤ ᠤᠶᠢᠯᠠᠭᠠᠯᠳᠠ ᠣᠯᠬᠤ ᠶᠢ ᠪᠠᠳᠤᠯᠠᠪᠠ᠃ | ᠵᠦᠯᠭᠡ ᠭᠠᠵᠠᠷ ᠤᠨ ᠠᠮᠢ ᠠᠬᠤᠢ ᠶᠢᠨ ᠰᠡᠷᠭᠦᠯᠲᠡ ᠶᠢ ᠪᠠᠲᠤᠯᠠᠵᠤ ᠰᠠᠶᠢᠨ ᠰᠠᠶᠢᠬᠠᠨ ᠣᠷᠴᠢᠨ ᠲᠣᠭᠤᠷᠢᠨ ᠢ | ᠪᠣᠢ ᠪᠤᠯᠭᠠᠨ᠎ᠠ᠃ ᠬᠠᠮᠳᠤᠪᠡᠷ ᠡᠳ᠋ᠯᠡᠬᠦ ᠵᠦᠯᠭᠡ ᠭᠠᠵᠡᠷ ᠤᠨ ᠰᠤᠯᠪᠢᠴᠠᠭᠤᠯᠤᠨ ᠡᠭᠡᠯᠵᠢᠯᠡᠨ ᠠᠰᠢᠭᠯᠠᠬᠤ ᠲᠦᠷᠢᠮ ᠤᠨ | ᠳᠠᠪᠠᠭᠤᠯᠢᠭ ᠨᠢ ᠵᠦᠯᠭᠡ ᠭᠠᠵᠡᠷ ᠢ ᠠᠳᠠᠯᠢ ᠪᠤᠰᠤ ᠴᠠᠭ ᠬᠤᠭᠤᠴᠠᠭᠠᠨ ᠳᠤ ᠭᠦᠢᠴᠡᠳ ᠠᠮᠦᠷᠠᠭᠤᠯᠬᠤ ᠶᠢ | ᠪᠠᠳᠤᠯᠠᠬᠤ ᠳᠤ ᠤᠷᠤᠰᠢᠨ᠎ᠡ᠃ ᠣᠷᠣᠨ ᠪᠦᠰᠡ ᠬᠤᠪᠢᠶᠠᠬᠤ᠂ ᠴᠠᠭ ᠬᠤᠪᠢᠶᠠᠨ ᠪᠢᠲᠡᠭᠦᠮᠵᠢᠯᠡᠨ ᠠᠷᠠᠴᠢᠯᠠᠨ | ᠬᠠᠮᠠᠭᠠᠯᠠᠬᠤ ᠪᠠᠷ ᠳᠠᠮᠵᠢᠭᠤᠯᠤᠨ᠂ ᠵᠦᠯᠭᠡ ᠭᠠᠵᠡᠷ ᠨᠢᠭᠡᠪᠦᠷᠢ ᠶᠢ ᠤᠯᠠᠨᠳᠠ ᠭᠢᠰᠬᠢᠯᠡᠬᠦ ᠦᠭᠡᠢ ᠪᠠᠶᠢᠳᠠᠯ ᠳᠣᠣᠷ᠎ᠠ | ᠠᠶᠠᠨᠳᠠᠭᠠᠨ ᠤᠷᠭᠤᠵᠤ᠂ ᠬᠡᠲᠦᠷᠡᠲᠡᠯ᠎ᠡ ᠬᠡᠷᠡᠭᠯᠡᠭᠰᠡᠨ ᠠᠴᠠ ᠪᠤᠯᠵᠤ ᠬᠥᠷᠥᠰᠥ ᠰᠢᠷᠣᠢ ᠬᠠᠳᠠᠭᠤᠷᠠᠬᠤ᠂ ᠵᠦᠯᠭᠡ | ᠢᠳᠡᠭᠳᠡᠬᠦ ᠵᠡᠷᠭᠡ ᠠᠰᠠᠭᠤᠳᠠᠯ ᠠᠴᠠ ᠪᠦᠲᠦᠮᠵᠢᠲᠡᠢ ᠵᠠᠶᠢᠯᠠᠰᠬᠢᠵᠦ᠂ ᠵᠦᠯᠭᠡ ᠭᠠᠵᠠᠷ ᠤᠨ ᠬᠡᠷᠡᠭᠯᠡᠭᠳᠡᠬᠦ ᠠᠮᠢ | ᠨᠠᠰᠤ ᠶᠢ ᠤᠷᠲᠤᠳᠬᠠᠭᠰᠠᠨ ᠢᠶᠠᠷ ᠪᠠᠷᠠᠬᠤ ᠦᠭᠡᠢ ᠪᠠᠰᠠ ᠵᠦᠯᠭᠡ ᠭᠠᠵᠠᠷ ᠤᠨ ᠪᠠᠶᠢᠭᠠᠯᠢ ᠶᠢᠨ ᠦᠵᠡᠮᠵᠢ ᠶᠢ | ᠪᠠᠲᠤᠯᠠᠵᠤ᠂ ᠬᠤᠳᠠ ᠶᠢᠨ ᠠᠷᠠᠳ ᠲᠤ ᠨᠡᠩ ᠰᠠᠶᠢᠨ ᠰᠠᠶᠢᠬᠠᠨ ᠰᠡᠯᠡᠭᠦᠴᠡᠯ ᠤᠨ ᠣᠷᠴᠢᠨ ᠲᠣᠭᠤᠷᠢᠨ ᠢ ᠬᠠᠩᠭᠠᠪᠠ᠃ | | ᠴᠡᠴᠡᠷᠯᠢᠭ ᠤᠨ ᠡᠬᠢ ᠪᠠᠶᠠᠯᠢᠭ ᠤᠨ ᠠᠰᠢᠭᠯᠠᠯᠲᠠ ᠶᠢ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠯᠥᠪᠵᠢᠭᠦᠯᠭᠡ ᠶᠢᠨ | ᠬᠠᠮᠢᠶᠠᠷᠤᠯᠲᠠ ᠪᠠᠷ ᠳᠠᠮᠵᠢᠭᠤᠯᠤᠨ᠂ ᠵᠦᠯᠭᠡ ᠭᠠᠵᠠᠷ ᠢ ᠰᠤᠯᠪᠢᠴᠠᠭᠤᠯᠤᠨ ᠡᠭᠡᠯᠵᠢᠯᠡᠨ ᠠᠰᠢᠭᠯᠠᠬᠤ ᠲᠦᠷᠢᠮ ᠨᠢ | ᠴᠡᠴᠡᠷᠯᠢᠭ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠪᠡᠶᠡᠯᠡᠭᠦᠯᠪᠡ᠃ ᠵᠦᠯᠭᠡ ᠶᠢ ᠨᠡᠭᠡᠭᠡᠵᠦ | ᠬᠠᠮᠲᠤᠪᠠᠷ ᠡᠳ᠋ᠯᠡᠬᠦ ᠬᠤᠭᠤᠴᠠᠭᠠᠨ ᠳᠤ ᠬᠤᠳᠠ ᠶᠢᠨ ᠠᠷᠠᠳ ᠵᠦᠯᠭᠡ ᠭᠠᠵᠠᠷ ᠤᠨ ᠪᠠᠶᠠᠷ ᠪᠠᠭ᠋ᠠᠳᠤᠯ ᠢ ᠭᠦᠢᠴᠡᠳ | ᠡᠳ᠋ᠯᠡᠵᠦ ᠪᠣᠯᠤᠨ᠎ᠠ︔ ᠪᠢᠳᠡᠭᠦᠮᠵᠢᠯᠡᠨ ᠰᠡᠯᠪᠢᠨ ᠵᠠᠰᠠᠬᠤ ᠬᠤᠭᠤᠴᠠᠭ᠎ᠠ ᠪᠣᠯᠤᠨ ᠠᠷᠠᠴᠢᠯᠠᠨ ᠬᠠᠮᠠᠭᠠᠯᠠᠬᠤ | ᠬᠤᠭᠤᠴᠠᠭᠠᠨ ᠳᠤ ᠴᠡᠴᠡᠷᠯᠢᠭ ᠤᠨ ᠬᠠᠮᠢᠶᠠᠷᠤᠯᠲᠠ ᠶᠢᠨ ᠲᠠᠯ᠎ᠠ ᠠᠴᠠ ᠵᠦᠯᠭᠡ ᠭᠠᠵᠠᠷ ᠲᠤ ᠴᠢᠬᠤᠯᠠ ᠪᠦᠬᠦᠢ | ᠬᠠᠮᠠᠭᠠᠯᠠᠯᠲᠠ ᠪᠠ ᠰᠡᠷᠭᠦᠭᠡᠯᠲᠡ ᠬᠢᠨ᠎ᠡ᠂ ᠡᠶᠢᠮᠦᠷᠬᠦ ᠠᠮᠢᠳᠤᠯᠢᠭ ᠬᠠᠮᠢᠶᠠᠷᠤᠯᠲᠠ ᠶᠢᠨ ᠠᠷᠭ᠎ᠠ ᠬᠡᠯᠪᠡᠷᠢ ᠨᠢ ᠵᠦᠯᠭᠡ | ᠭᠠᠵᠠᠷ ᠤᠨ ᠦᠷᠭᠦᠯᠵᠢᠯᠡᠬᠦ ᠬᠥᠭᠵᠢᠯᠲᠡ ᠶᠢ ᠪᠠᠳᠤᠯᠠᠵᠤ ᠴᠢᠳᠠᠨ᠎ᠠ᠃ | ᠣᠯᠠᠨ ᠨᠡᠶᠢᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠬᠠᠮᠳᠤᠪᠡᠷ ᠡᠳ᠋ᠯᠡᠬᠦ ᠵᠦᠯᠭᠡ ᠭᠠᠵᠠᠷ ᠤᠨ | ᠰᠤᠯᠪᠢᠴᠠᠭᠤᠯᠤᠨ ᠡᠭᠡᠯᠵᠢᠯᠡᠨ ᠠᠰᠢᠭᠯᠠᠬᠤ ᠳᠦᠷᠢᠮ ᠢ ᠬᠡᠷᠡᠭᠵᠢᠭᠦᠯᠬᠦ ᠶᠠᠪᠤᠴᠠ ᠪᠣᠯ ᠪᠠᠰᠠ ᠴᠦ ᠨᠢᠭᠡ ᠤᠳᠠᠭᠠᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠢᠳᠤᠯᠢᠭ ᠰᠤᠷᠭᠠᠨ ᠬᠥᠮᠦᠵᠢᠯ ᠤᠨ ᠶᠠᠪᠤᠴᠠ ᠪᠣᠯᠤᠨ᠎ᠠ᠃ | ᠬᠤᠲᠠ ᠶᠢᠨ ᠠᠷᠠᠳ ᠲᠤ ᠵᠦᠯᠭᠡ ᠭᠠᠵᠠᠷ ᠤᠨ ᠰᠤᠯᠪᠢᠴᠠᠭᠤᠯᠤᠨ ᠡᠭᠡᠯᠵᠢᠯᠡᠨ ᠠᠰᠢᠭᠯᠠᠬᠤ ᠲᠦᠷᠢᠮ ᠤᠨ ᠠᠴᠢ | ᠬᠤᠯᠪᠣᠭᠳᠠᠯ ᠪᠠ ᠦᠢᠯᠡᠳᠦᠯ ᠢ ᠤᠬᠠᠭᠤᠯᠬᠤ ᠪᠠᠷ ᠳᠠᠮᠵᠢᠭᠤᠯᠤᠨ᠂ ᠴᠡᠴᠡᠷᠯᠢᠭ ᠤᠨ ᠬᠠᠮᠢᠶᠠᠷᠤᠯᠲᠠ ᠶᠢᠨ ᠠᠵᠢᠯᠳᠠᠨ | ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠵᠦᠯᠭᠡ ᠭᠠᠵᠡᠷ ᠤᠨ ᠬᠠᠮᠠᠭᠠᠯᠠᠯᠲᠠ ᠶᠢ ᠨᠡᠩ ᠢᠯᠡᠭᠦᠦ | ᠠᠩᠬᠠᠷᠤᠭᠤᠯᠵᠤ᠂ ᠲᠡᠳᠡᠨᠦᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠪᠠ | ᠬᠠᠷᠢᠭᠤᠴᠠᠯᠭᠠᠲᠤ ᠰᠡᠳᠭᠢᠯᠭᠡ ᠶᠢ ᠲᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠤᠲᠠ ᠶᠢᠨ ᠠᠷᠠᠳ ᠤᠨ | ᠴᠡᠴᠡᠷᠯᠢᠭ ᠤᠨ ᠵᠦᠯᠭᠡ ᠭᠠᠵᠠᠷ ᠤᠨ ᠬᠠᠮᠠᠭᠠᠯᠠᠯᠳᠠ ᠪᠠ ᠬᠠᠮᠢᠶᠠᠷᠤᠯᠳᠠ ᠳᠤ ᠣᠷᠣᠯᠴᠠᠬᠤ ᠶᠢ ᠵᠣᠷᠢᠭᠵᠢᠭᠤᠯᠵᠤ᠂ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠲᠠ ᠶᠢᠨ | ᠠᠷᠠᠳ ᠤᠨ ᠴᠡᠴᠡᠷᠯᠢᠭ ᠤᠨ ᠵᠦᠯᠭᠡ ᠭᠠᠵᠠᠷ ᠲᠤ ᠬᠠᠷᠢᠶᠠᠯᠠᠭᠳᠠᠬᠤ ᠰᠡᠳᠬᠢᠯᠭᠡ ᠶᠢ ᠲᠠᠰᠤᠷᠠᠯᠲᠠ ᠥᠬᠡᠶ | ᠨᠡᠮᠡᠭᠳᠡᠭᠦᠯᠵᠦ᠂ ᠬᠠᠮᠠᠭᠠᠯᠠᠯᠳᠠ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ | ᠶᠡᠷᠦᠩᠬᠡᠶᠢᠯᠡᠪᠡᠯ᠂ ᠬᠠᠮᠳᠤᠪᠡᠷ ᠡᠳ᠋ᠯᠡᠬᠦ ᠵᠦᠯᠭᠡ ᠭᠠᠵᠠᠷ ᠢ ᠰᠤᠯᠪᠢᠴᠠᠭᠤᠯᠤᠨ ᠡᠭᠡᠯᠵᠢᠯᠡᠨ ᠠᠰᠢᠭᠯᠠᠬᠤ | ᠲᠦᠷᠢᠮ ᠨᠢ ᠵᠦᠯᠭᠡ ᠭᠠᠵᠠᠷ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ᠂ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠰᠢᠯᠢᠳᠡᠭᠵᠢᠭᠦᠯᠬᠦ᠂ ᠬᠤᠳᠠ ᠶᠢᠨ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ | ᠤᠬᠠᠮᠰᠠᠷ ᠢ ᠴᠢᠩᠭᠠᠳᠬᠠᠬᠤ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠪᠠᠶᠢᠵᠤ᠂ ᠬᠤᠳᠠ ᠶᠢᠨ ᠪᠣᠬᠢᠷᠲᠤᠯ | ᠦᠭᠡᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ ᠪᠤᠯᠤᠨ᠎ᠠ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |