ᠡᠨᠡ ᠵᠢᠯ ᠤᠨ 3 ᠳ᠋ᠤᠭᠠᠷ ᠰᠠᠷ᠎ᠠ ᠠᠴᠠ᠂ ᠾᠧᠪᠧᠢ ᠮᠣᠵᠢ ᠶᠢᠨ ᠰᠢᠩ ᠲᠠᠢ ᠬᠤᠲᠠ ᠰᠠᠭᠤᠭᠠᠯᠢ ᠠᠷᠠᠳ ᠤᠨ | ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠱᠤᠩ ᠤᠨ ᠪᠦᠲᠦᠭᠡᠨ | ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ ᠬᠡᠪ ᠤᠨ ᠴᠠᠬᠢᠯᠭᠠᠨ ᠴᠡᠨᠡᠭᠯᠡᠬᠦ ᠶᠠᠪᠤᠴᠠ ᠳᠤ ᠰᠠᠨᠠᠮᠰᠠᠷ ᠦᠭᠡᠢ | ᠡᠭᠦᠰᠬᠦ ᠪᠣᠯᠤᠯᠴᠠᠭ᠎ᠠ ᠲᠠᠢ ᠪᠠᠶᠢᠳᠠᠯ ᠳᠤ ᠴᠢᠭᠯᠡᠭᠦᠯᠦᠨ᠂ ᠰᠢᠩ ᠲᠠᠢ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠰᠠᠯᠠᠭ᠎ᠠ ᠮᠥᠴᠢᠷ᠂ ᠭᠤᠷᠪᠠᠳᠠᠬᠢ ᠡᠲᠡᠭᠡᠳ ᠤᠨ ᠡᠵᠡᠩᠨᠡᠯᠲᠡ ᠶᠢᠨ | ᠺᠣᠮᠫᠠᠨᠢ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠯᠠᠯ ᠵᠡᠷᠭᠡ ᠳᠤ ︽ᠬᠡᠨ ᠡᠵᠡᠩᠨᠡᠵᠦ ᠪᠠᠶᠢᠪᠠᠯ ᠲᠡᠷᠡ | ᠬᠠᠷᠢᠭᠤᠴᠠᠬᠤ᠂ ᠬᠡᠨ ᠳᠠᠭᠠᠳᠬᠠᠯ ᠳᠤ ᠤᠷᠤᠭᠤᠯᠬᠤ︾ ᠪᠠ ︽ᠲᠦᠭᠰᠢᠭᠦᠷᠢ ᠶᠢ ᠪᠠᠭᠤᠷᠠᠭᠤᠯᠵᠤ᠂ ᠰᠠᠭᠤᠭᠠᠯᠢ | ᠠᠷᠠᠳ ᠤᠨ ᠠᠮᠦᠷ ᠲᠦᠪᠰᠢᠨ ᠢ ᠪᠠᠲᠤᠯᠠᠬᠤ︾ ᠵᠠᠷᠴᠢᠮ ᠶᠣᠰᠣᠭᠠᠷ᠂ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡᠨ ᠤ ᠴᠠᠬᠢᠯᠭᠠᠨ ᠴᠡᠨᠡᠭᠯᠡᠬᠦ ᠱᠤᠩ ᠢ ︽ᠳᠠᠭᠠᠳᠭᠠᠯ ᠳᠤ ᠣᠷᠣᠭᠤᠯᠵᠤ︾᠂ ᠰᠠᠭᠤᠭᠠᠯᠢ ᠠᠷᠠᠳ ᠤᠨ | ᠬᠤᠶᠢᠰᠢᠳᠠ ᠶᠢᠨ ᠵᠣᠪᠠᠨᠢᠯ ᠢ ᠨᠢ ᠠᠷᠢᠯᠭᠠᠪᠠ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠴᠠᠬᠢᠯᠭᠠᠨ ᠴᠡᠨᠡᠭᠯᠡᠬᠦ ᠱᠣᠩ ᠤᠨ ᠬᠡᠪ ᠤᠨ ᠪᠠᠶᠢᠳᠠᠯ ᠢᠶᠠᠷ᠂ | ᠠᠮᠤᠷ ᠲᠦᠪᠰᠢᠨ ᠢᠶᠠᠷ ᠬᠡᠷᠡᠭᠯᠡᠬᠦ ᠨᠢ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠳᠤ ᠰᠢᠭᠤᠳ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠤᠳ ᠲᠤ᠂ ᠴᠠᠬᠢᠯᠭᠠᠨ ᠴᠡᠨᠡᠭᠯᠡᠬᠦ ᠱᠣᠩ | ᠬᠠᠭᠤᠴᠢᠷᠠᠵᠤ᠂ ᠬᠡᠷᠡᠭᠯᠡᠭᠰᠡᠨ ᠨᠢ ᠵᠣᠬᠢᠰ ᠥᠬᠡᠶ ᠪᠤᠶᠤ ᠬᠠᠮᠢᠶᠠᠷᠤᠯᠲᠠ ᠨᠢ ᠮᠠᠭᠤᠲᠠᠭᠰᠠᠨ ᠠᠴᠠ ᠪᠣᠯᠵᠣ ᠭᠠᠯ ᠤᠨ | ᠠᠶᠤᠯ᠂ ᠴᠠᠬᠢᠯᠭᠠᠨ ᠳᠤ ᠴᠣᠬᠢᠭᠳᠠᠬᠤ ᠵᠡᠷᠭᠡ ᠠᠳᠡᠯ ᠪᠠᠶᠢᠨ ᠳᠠᠬᠢᠨ ᠭᠠᠷᠴᠤ ᠪᠠᠶᠢᠨ᠎ᠠ᠂ ᠵᠣᠬᠢᠶᠠᠭᠴᠢ ᠶᠢᠨ | ᠦᠵᠡᠬᠦ ᠪᠠᠷ᠂ ᠴᠠᠬᠢᠯᠭᠠᠨ ᠴᠡᠨᠡᠭᠯᠡᠬᠦ ᠱᠤᠩ ᠢ ︽ᠳᠠᠭᠠᠳᠬᠠᠯ ᠳᠤ ᠤᠷᠤᠭᠤᠯᠬᠤ︾ ᠨᠢ ᠰᠠᠨᠠᠭᠠᠨ ᠳᠤ ᠥᠬᠡᠶ | ᠡᠭᠦᠰᠴᠦ ᠮᠡᠳᠡᠬᠦ ᠲᠦᠭᠰᠢᠭᠦᠷᠢ ᠳᠤ ᠠᠵᠤ ᠠᠬᠤᠶ ᠶᠢᠨ ᠨᠥᠬᠦᠪᠥᠷᠢ ᠥᠭᠬᠦ ᠶᠢ ᠪᠠᠲᠤᠯᠠᠵᠤ ᠴᠢᠳᠠᠬᠤ ᠪᠠᠷ ᠪᠠᠷᠠᠬᠤ | ᠥᠬᠡᠶ᠂ ᠨᠠᠩ ᠴᠤ ᠳᠠᠭᠠᠳᠬᠠᠯ ᠤᠨ ᠲᠣᠭᠲᠠᠴᠠ ᠶᠢ ᠣᠷᠣᠭᠤᠯᠤᠨ ᠠᠪᠴᠢᠷᠠᠵᠤ᠂ ᠬᠠᠮᠢᠶ᠎ᠠ ᠪᠥᠬᠦᠶ | ᠬᠠᠷᠢᠭᠤᠴᠠᠯᠭᠠᠲᠤ ᠲᠠᠯ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠠᠳᠡᠯ ᠭᠠᠷᠬᠤ | ᠲᠣᠬᠢᠶᠠᠯᠳᠤᠮᠵᠢ ᠶᠢ ᠡᠬᠢ ᠡᠭᠦᠰᠦᠯ ᠠᠴᠠ ᠨᠢ ᠪᠠᠭᠤᠷᠠᠭᠤᠯᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ | ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ︾ ᠶᠢ ᠦᠨᠡᠨ ᠬᠦ ᠪᠡᠶᠡᠯᠡᠭᠦᠯᠵᠦ ᠴᠢᠳᠠᠨ᠎ᠠ᠃ | ᠨᠢᠭᠡ ᠲᠠᠯ᠎ᠠ ᠪᠠᠷ᠂ ᠳᠠᠭᠠᠳᠬᠠᠯ ᠤᠨ ᠲᠣᠭᠲᠠᠴᠠ ᠶᠢ ᠣᠷᠣᠭᠤᠯᠤᠨ ᠠᠪᠴᠢᠷᠠᠭᠰᠠᠨ ᠶᠠᠪᠤᠳᠠᠯ ᠨᠢ ᠵᠠᠰᠠᠭ ᠤᠨ | ᠣᠷᠳᠣᠨ᠂ ᠠᠵᠤ ᠠᠬᠤᠶᠢᠯᠠᠯ᠂ ᠰᠠᠭᠤᠭᠠᠯᠢ ᠠᠷᠠᠳ ᠬᠠᠮᠲᠤ ᠪᠠᠷ ᠵᠠᠰᠠᠯᠲᠠ ᠳᠤ ᠣᠷᠣᠯᠴᠠᠭᠰᠠᠨ ᠰᠠᠶᠢᠨ ᠰᠠᠶᠢᠬᠠᠨ | ᠪᠠᠶᠢᠳᠠᠯ ᠢ ᠪᠤᠢ ᠪᠣᠯᠭᠠᠬᠤ ᠳᠤ ᠠᠰᠢᠭᠲᠠᠢ ᠶᠤᠮ᠃ ᠵᠠᠰᠠᠭ ᠤᠨ ᠣᠷᠳᠣᠨ ᠨᠢ ᠲᠥᠷᠥ ᠶᠢᠨ ᠪᠣᠳᠣᠯᠭ᠎ᠠ ᠪᠠᠷ | ᠬᠥᠲᠥᠯᠦᠨ ᠵᠢᠯᠣᠭᠤᠳᠬᠤ ᠪᠠ ᠬᠢᠨᠠᠨ ᠬᠠᠮᠢᠶᠠᠷᠬᠤ ᠪᠠᠷ ᠳᠠᠮᠵᠢᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠴᠠᠬᠢᠯᠭᠠᠨ ᠴᠡᠨᠡᠭᠯᠡᠬᠦ ᠱᠤᠩ ᠤᠨ ᠳᠠᠭᠠᠳᠬᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ | ᠠᠬᠢᠭᠤᠯᠤᠨ᠎ᠠ︔ ᠠᠵᠤ ᠠᠬᠤᠶᠢᠯᠠᠯ ᠤᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠠᠬᠢᠯᠭᠠᠨ | ᠴᠡᠨᠡᠭᠯᠡᠬᠦ ᠱᠤᠩ ᠤᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠲᠥᠬᠦᠭᠡᠷᠦᠮᠵᠢ ᠶᠢ ᠬᠠᠮᠠᠭᠠᠯᠠᠬᠤ ᠪᠠ | ᠬᠢᠨᠠᠨ ᠪᠠᠶᠢᠴᠠᠭᠠᠵᠤ ᠵᠠᠰᠠᠬᠤ ᠤᠳᠠᠭ᠎ᠠ ᠵᠢᠴᠢ ᠶᠠᠰᠤ ᠴᠢᠨᠠᠷ ᠢ ᠳᠡᠭᠡᠭᠰᠢᠯᠡᠭᠦᠯᠵᠦ᠂ ᠲᠥᠬᠦᠭᠡᠷᠦᠮᠵᠢ ᠶᠢᠨ ᠰᠠᠶᠢᠨ | ᠠᠵᠢᠯᠯᠠᠭᠠᠨ ᠤ ᠪᠠᠶᠢᠳᠠᠯ ᠢ ᠦᠨᠡᠨᠬᠦ ᠪᠠᠲᠤᠯᠠᠨ᠎ᠠ︔ ᠰᠠᠭᠤᠭᠠᠯᠢ ᠠᠷᠠᠳ ᠠᠮᠤᠷ ᠲᠦᠪᠰᠢᠨ ᠤ ᠤᠬᠠᠮᠰᠠᠷ ᠢᠶᠠᠨ | ᠳᠡᠭᠡᠭᠰᠢᠯᠡᠭᠦᠯᠵᠦ᠂ ᠴᠠᠬᠢᠯᠭᠠᠨ ᠴᠡᠨᠡᠭᠯᠡᠬᠦ ᠱᠤᠩ ᠢ ᠵᠥᠪ ᠬᠡᠷᠡᠭᠯᠡᠵᠦ᠂ ᠠᠵᠢᠯᠯᠠᠭᠠᠨ ᠠᠴᠠ ᠪᠣᠯᠤᠭᠰᠠᠨ ᠠᠮᠤᠷ | ᠲᠦᠪᠰᠢᠨ ᠤ ᠳᠠᠯᠳᠠ ᠬᠡᠮ ᠠᠴᠠ ᠵᠠᠶᠢᠯᠠᠰᠬᠢᠨ᠎ᠡ᠃ ᠨᠥᠭᠦᠭᠡ ᠲᠠᠯ᠎ᠠ ᠪᠠᠷ᠂ ᠳᠠᠭᠠᠳᠬᠠᠯ ᠤᠨ ᠲᠣᠭᠲᠠᠴᠠ ᠶᠢ | ᠣᠷᠣᠭᠤᠯᠤᠨ ᠠᠪᠴᠢᠷᠠᠭᠰᠠᠨ ᠶᠠᠪᠤᠳᠠᠯ ᠨᠢ ᠰᠠᠭᠤᠭᠠᠯᠢ ᠠᠷᠠᠳ ᠤᠨ ᠴᠠᠬᠢᠯᠭᠠᠨ ᠴᠡᠨᠡᠭᠯᠡᠬᠦ ᠱᠣᠩ ᠬᠡᠷᠡᠭᠯᠡᠬᠦ ᠠᠮᠤᠷ | ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠨᠠᠩ ᠣᠯᠠᠨ ᠬᠥᠮᠦᠨ ᠤ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡ ᠶᠢ ᠰᠣᠩᠭᠤᠨ ᠬᠡᠷᠡᠭᠯᠡᠵᠦ ᠭᠠᠳᠠᠭᠰᠢ ᠭᠠᠷᠬᠤ ᠪᠠᠭᠠᠵᠢ ᠪᠣᠯᠭᠠᠬᠤ ᠶᠢ ᠵᠣᠷᠢᠭᠵᠢᠭᠤᠯᠬᠤ ᠶᠢᠨ ᠬᠠᠮᠲᠤ ᠪᠠᠰᠠ | ᠨᠠᠩ ᠣᠯᠠᠨ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠲᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠨ᠂ ᠴᠠᠬᠢᠯᠭᠠᠨ ᠴᠡᠨᠡᠭᠯᠡᠬᠦ ᠱᠤᠩ ᠤᠨ ᠠᠵᠢᠯ ᠲᠥᠷᠥᠯ ᠤᠨ | ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃ | ᠶᠡᠷᠦᠩᠬᠡᠢ ᠳᠤᠨᠢ ᠠᠪᠴᠤ ᠬᠡᠯᠡᠪᠡᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ | ᠱᠣᠩ ᠪᠣᠯ ᠬᠤᠳᠠᠯᠳᠤᠭᠠᠨ ᠤ ᠠᠵᠢᠯᠯᠠᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠨᠡᠶᠢᠭᠡᠮ ᠤᠨ ᠡᠯ᠎ᠡ | ᠲᠠᠯ᠎ᠠ ᠶᠢᠨ ᠬᠢᠨ ᠬᠠᠮᠲᠤ ᠪᠠᠷ ᠣᠷᠣᠯᠴᠠᠵᠤ᠂ ᠪᠣᠬᠢᠷᠲᠤᠯ ᠦᠭᠡᠢ ᠪᠠᠷ ᠶᠠᠪᠤᠵᠤ ᠰᠠᠭᠤᠬᠤ ᠶᠢ ᠰᠠᠨᠠᠭᠠᠴᠢᠯᠠᠬᠤ ᠶᠢᠨ | ᠪᠣᠳᠠᠲᠠᠢ ᠢᠯᠡᠷᠡᠯ ᠪᠣᠯᠤᠨ᠎ᠠ᠃ ᠵᠠᠰᠠᠭ ᠤᠨ ᠣᠷᠳᠣᠨ᠂ ᠠᠵᠤ ᠠᠬᠤᠶᠢᠯᠠᠯ᠂ ᠰᠠᠭᠤᠭᠠᠯᠢ ᠠᠷᠠᠳ ᠵᠢᠴᠢ | ᠳᠠᠭᠠᠳᠬᠠᠯ ᠤᠨ ᠺᠣᠮᠫᠠᠨᠢ ᠵᠡᠷᠭᠡ ᠡᠯ᠎ᠡ ᠲᠠᠯ᠎ᠠ ᠶᠢᠨ ᠬᠢᠨ ᠭᠠᠷ ᠬᠤᠯᠪᠣᠨ ᠬᠠᠮᠲᠤᠷᠠᠯᠴᠠᠵᠤ᠂ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠬᠦ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠳᠬᠠᠬᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠠᠮᠤᠷ ᠲᠦᠪᠰᠢᠨ ᠤ ᠤᠬᠠᠮᠰᠠᠷ ᠢᠶᠠᠨ | ᠴᠢᠩᠭᠠᠳᠬᠠᠬᠤ ᠪᠠᠷ ᠳᠠᠮᠵᠢᠭᠤᠯᠤᠨ᠂ ᠠᠮᠤᠷ ᠲᠦᠪᠰᠢᠨ᠂ ᠳᠥᠭᠦᠮ ᠳᠥᠲᠡ᠂ ᠪᠣᠬᠢᠷᠲᠤᠯ ᠥᠬᠡᠶ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠬᠦ ᠣᠷᠴᠢᠨ ᠨᠥᠬᠦᠴᠡᠯ ᠢ ᠪᠣᠶ ᠪᠤᠯᠭᠠᠪᠠᠯ ᠵᠤᠬᠢᠨ᠎ᠡ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |