ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/8/9
      ᠬᠤᠲᠠ ᠪᠣᠯ ᠮᠠᠨ ᠤ ᠤᠯᠤᠰ ᠤᠨ ᠠᠵᠤ ᠠᠬᠤᠢ᠂ ᠤᠯᠤᠰ ᠲᠥᠷᠥ᠂ ᠰᠤᠶᠤᠯ᠂ ᠨᠡᠶᠢᠭᠡᠮ ᠵᠡᠷᠭᠡ ᠲᠠᠯ᠎ᠠ ᠶᠢᠨ ᠠᠵᠢᠯᠯᠠᠭᠠᠨ ᠤ ᠭᠤᠣᠯᠳᠠᠯᠭ᠎ᠠ ᠮᠥᠨ᠂ ᠨᠠᠮ ᠪᠠ ᠤᠯᠤᠰ ᠤᠨ ᠠᠵᠢᠯ ᠤᠨ ᠪᠥᠬᠦ ᠲᠠᠯ᠎ᠠ ᠳᠤ ᠮᠠᠰᠢ ᠴᠢᠬᠤᠯᠠ ᠪᠠᠶᠢᠷᠢ ᠰᠠᠭᠤᠷᠢ ᠲᠠᠢ ᠪᠠᠶᠢᠳᠠᠭ᠃ 7 ᠳ᠋ᠤᠭᠠᠷ ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠡᠭᠡᠵᠢᠩ ᠳᠤ ᠬᠤᠷᠠᠯᠳᠤᠭᠤᠯᠪᠠ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠳᠤ᠂ ︽ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠵᠤ᠂ ᠠᠷᠠᠳ ᠤᠨ ᠬᠤᠲᠠ ᠨᠢ ᠠᠷᠠᠳ ᠲᠦᠮᠡᠨ ᠤ ᠲᠥᠯᠥᠭᠡ︾ ᠭᠡᠬᠦ ᠤᠶᠢᠯᠠᠭᠠᠳᠠᠬᠤᠨ ᠢ ᠪᠠᠷᠢᠮᠳᠠᠯᠠᠨ᠎ᠠ ᠭᠡᠵᠤ ᠵᠢᠭᠠᠨ ᠭᠠᠷᠭᠠᠪᠠ᠃ ᠬᠤᠲᠠ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠲᠤᠮᠤ ᠳᠤᠮᠳᠠ ᠪᠠᠭ᠎ᠠ ᠬᠤᠲᠠ ᠪᠠ ᠪᠠᠭ᠎ᠠ ᠬᠤᠲᠠ ᠪᠠᠯᠭᠠᠰᠤ ᠶᠢᠨ ᠵᠣᠬᠢᠴᠠᠩᠭᠤᠶ ᠬᠥᠭᠵᠢᠬᠦ᠂ ︽ᠡᠷᠴᠢᠮᠯᠢᠭ ᠠᠪᠰᠠᠷᠬᠠᠨ ᠪᠠᠶᠢᠷᠢᠰᠢᠭᠤᠯᠤᠯ︾ ᠢ ᠬᠥᠲᠥᠯᠥᠨ ᠵᠢᠯᠣᠭᠤᠳᠴᠤ᠂ ︽ᠦᠷᠭᠦᠯᠵᠢᠯᠡᠯᠳᠦ ᠬᠤᠲᠠ ᠶᠢᠨ ᠰᠢᠨᠡᠴᠢᠯᠡᠯᠲᠡ ᠶᠢᠨ ᠵᠠᠭᠪᠤᠷ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠠᠶᠢᠭᠤᠯᠤᠨ᠂ ᠶᠡᠷᠦᠩᠬᠡᠶᠢᠯᠡᠭᠰᠡᠨ ᠬᠠᠮᠢᠶᠠᠷᠤᠯᠳᠠ ᠪᠦᠲᠦᠭᠡᠨ ᠪᠠᠶᠢᠭᠤᠯᠤᠯᠲᠠ ᠪᠠ ᠬᠠᠭᠤᠴᠢᠨ ᠬᠤᠭᠤᠯᠠᠶ ᠱᠤᠭᠤᠮ ᠢ ᠥᠭᠡᠷᠡᠴᠢᠯᠡᠨ ᠳᠡᠰ ᠳᠡᠪᠰᠢᠭᠦᠯᠬᠦ ᠶᠢ ᠴᠢᠩᠭᠠᠳᠬᠠᠵᠤ᠂ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠶᠢᠷᠡᠭᠦᠯᠦᠨ᠎ᠡ᠃ ︽ᠲᠣᠭᠲᠠᠭᠠᠯ︾ ᠳᠤ ᠠᠷᠠᠳ ᠲᠦᠮᠡᠨ ᠤ ᠬᠦᠰᠡᠯ ᠡᠷᠡᠮᠡᠯᠵᠡᠯ ᠠᠭᠤᠯᠤᠭᠳᠠᠵᠤ᠂ ᠪᠦᠬᠦ ᠨᠠᠮ ᠤᠨ ᠤᠶᠤᠨ ᠤᠬᠠᠭᠠᠨ ᠢ ᠨᠢᠭᠲᠠᠷᠠᠭᠤᠯᠬᠤ ᠪᠣᠯ ᠰᠢᠨ᠎ᠡ ᠠᠶᠠᠨ ᠢ ᠵᠢᠯᠣᠭᠤᠳᠴᠤ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠬᠥᠭᠵᠢᠯᠲᠡ ᠶᠢᠨ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠬᠤᠳᠠ ᠶᠢᠨ ᠬᠦᠷᠢᠶᠡᠨ ᠤ ᠡᠯ᠎ᠡ ᠵᠦᠢᠯ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠰᠠᠶᠢᠨ ᠭᠡᠷ᠂ ᠰᠠᠶᠢᠨ ᠰᠠᠭᠤᠭᠠᠯᠢ ᠠᠷᠠᠳ ᠤᠨ ᠲᠤᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠳᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠰᠢᠰᠲ᠋ᠧᠮ ᠲᠠᠢ ᠰᠠᠶᠢᠲᠤᠷ ᠠᠬᠢᠭᠤᠯᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ᠃      ᠶᠡᠷᠦᠩᠬᠡᠶ ᠱᠦᠵᠢ ᠰᠢ ᠶᠢᠨ ᠫᠢᠩ᠂ ᠬᠤᠳᠠ ᠶᠢᠨ ᠭᠤᠣᠯᠳᠠᠯᠭ᠎ᠠ ᠪᠣᠯ ᠬᠥᠮᠦᠨ ᠪᠤᠯᠤᠨ᠎ᠠ︔ ᠬᠤᠳᠠ ᠶᠢᠨ ᠲᠥᠯᠥᠪᠵᠢᠭᠦᠯᠭᠡ ᠪᠤᠶᠤ ᠬᠤᠳᠠ ᠶᠢᠨ ᠪᠦᠳᠦᠭᠡᠨ ᠪᠠᠶᠢᠭᠤᠯᠤᠯᠲᠠ ᠭᠡᠰᠡᠨ ᠦᠭᠡᠢ᠂ ᠰᠢᠨ᠎ᠡ ᠬᠤᠳᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠤᠶᠤ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ᠦᠭᠡᠷᠡᠴᠢᠯᠡᠯᠳᠡ ᠭᠡᠰᠡᠨ ᠦᠭᠡᠢ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠶ︔ ᠬᠥᠮᠦᠨ ᠢᠶᠠᠷ ᠭᠤᠣᠯ ᠪᠣᠯᠭᠠᠭᠰᠠᠨ ᠬᠤᠳᠠ ᠪᠠᠯᠭᠠᠰᠤᠵᠢᠯᠳᠠ ᠶᠢ ᠨᠡᠩ ᠰᠠᠶᠢᠲᠤᠷ ᠠᠬᠢᠭᠤᠯᠵᠤ᠂ ᠬᠤᠳᠠ ᠶᠢ ᠨᠡᠩ ᠡᠷᠡᠭᠦᠯ᠂ ᠨᠡᠩ ᠠᠮᠤᠷ ᠲᠦᠪᠰᠢᠨ᠂ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠷᠠᠳ ᠤᠯᠠᠨ ᠳᠤ ᠴᠢᠨᠠᠷ ᠰᠠᠶᠢᠲᠠᠢ ᠠᠮᠢᠳᠤᠷᠠᠯ ᠤᠨ ᠣᠷᠣᠨ ᠪᠦᠰᠡ ᠶᠢ ᠪᠤᠢ ᠪᠤᠯᠭᠠᠵᠤ ᠦᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠠᠳ ᠤᠨ ᠬᠤᠳᠠ ᠶᠢ ᠰᠠᠶᠢᠲᠤᠷ ᠪᠦᠳᠦᠭᠡᠨ ᠪᠠᠶᠢᠭᠤᠯᠬᠤ ᠳᠤ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠬᠤᠳᠠ ᠶᠢᠨ ᠬᠥᠭᠵᠢᠯᠲᠡ ᠶᠢᠨ ᠲᠤᠬᠠᠢ ᠰᠠᠨᠠᠭᠤᠯᠭ᠎ᠠ ᠪᠠ ᠬᠦᠰᠡᠯ ᠡᠷᠡᠮᠡᠯᠵᠡᠯ ᠢ ᠦᠨᠡᠨ ᠬᠦ ᠪᠤᠳᠠᠳᠠᠢ ᠣᠶᠢᠯᠠᠭᠠᠵᠤ᠂ ᠠᠷᠠᠳ ᠤᠨ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ︔ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠯᠬᠢᠯᠠᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠢ ᠰᠢᠢᠳᠪᠦᠷᠢᠯᠡᠵᠦ᠂ ᠲᠦᠭᠵᠢᠷᠡᠯ ᠢ ᠦᠨᠡᠨ ᠬᠦ ᠨᠡᠪᠲᠡᠷᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠪᠡᠷᠰᠢᠶᠡᠯ ᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ ᠠᠷᠠᠳ ᠤᠨ ᠬᠤᠳᠠ ᠶᠢ ᠰᠠᠶᠢᠲᠤᠷ ᠪᠦᠳᠦᠭᠡᠨ ᠪᠠᠶᠢᠭᠤᠯᠬᠤ ᠳᠤ ᠠᠷᠠᠳ ᠤᠯᠠᠨ ᠤ ᠬᠤᠳᠠ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠵᠤ᠂ ᠠᠷᠠᠳ ᠤᠯᠠᠨ ᠤ ᠬᠤᠳᠠ ᠯᠤᠭ᠎ᠠ ᠬᠠᠮᠲᠤ ᠪᠠᠷ ᠬᠥᠭᠵᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠬᠥᠭᠵᠢᠭᠡᠵᠦ᠂ ︽ᠨᠠᠳᠠ ᠶᠢ ᠣᠷᠣᠯᠴᠠᠭᠤᠯᠬᠤ︾ ᠶᠢ ︽ᠪᠢ ᠲᠤᠷᠠᠳᠠᠢ ᠣᠷᠣᠯᠴᠠᠬᠤ︾ ᠬᠡᠯᠪᠡᠷᠢ ᠪᠣᠯᠭᠠᠨ ᠬᠤᠪᠢᠷᠠᠭᠤᠯᠬᠤ ᠬᠡᠷᠡᠭᠲᠡᠢ᠃ ᠠᠷᠠᠳ ᠤᠨ ᠬᠤᠳᠠ ᠶᠢ ᠰᠠᠶᠢᠲᠤᠷ ᠪᠦᠳᠦᠭᠡᠨ ᠪᠠᠶᠢᠭᠤᠯᠬᠤ ᠳᠤ ᠠᠷᠠᠳ ᠤᠯᠠᠨ ᠳᠤ ᠬᠤᠳᠠ ᠶᠢᠨ ᠬᠥᠭᠵᠢᠯᠲᠡ ᠪᠣᠯᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠦᠳᠦᠭᠡᠬᠦ ᠳᠤ ᠲᠤᠬᠢᠷᠠᠮᠵᠢᠳᠠᠢ ᠪᠠᠶᠢᠬᠤ ᠶᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠪᠠᠨ ᠪᠣᠯᠭᠠᠵᠤ᠂ ᠬᠠᠮᠤᠭ ᠤᠨ ᠰᠠᠶᠢᠨ ᠡᠬᠢ ᠪᠠᠶᠠᠯᠢᠭ ᠢ ᠠᠷᠠᠳ ᠲᠦᠮᠡᠨ ᠳᠤ ᠦᠯᠡᠳᠡᠭᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠪᠠᠶᠢᠷᠢᠰᠢᠯ ᠢ ᠪᠠᠶᠢᠭᠤᠯᠬᠤ ᠬᠡᠷᠡᠭᠲᠡᠢ᠃      ᠶᠡᠷᠦᠩᠬᠡᠢ ᠱᠦᠵᠢ ᠰᠢ ᠶᠢᠨ ᠫᠢᠩ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠲᠥᠯᠥᠪᠵᠢᠭᠦᠯᠭᠡ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠬᠦ ᠬᠡᠷᠡᠭᠲᠡᠢ︔ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠤᠲᠠ ᠶᠢᠨ ᠪᠠᠶᠢᠷᠢᠰᠢᠯ ᠢ ᠪᠠᠶᠢᠭᠤᠯᠵᠤ᠂ ᠲᠤᠮᠤ ᠳᠤᠮᠳᠠ ᠪᠠᠭ᠎ᠠ ᠬᠤᠲᠠ ᠪᠠ ᠪᠠᠭ᠎ᠠ ᠬᠤᠲᠠ ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ︔ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠤᠲᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠰᠠᠶᠢᠲᠤᠷ ᠠᠳᠬᠤᠬᠤ ᠬᠡᠷᠡᠭᠲᠡᠶ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠠᠬᠢᠭᠤᠯᠵᠤ᠂ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠤ ᠵᠢᠭᠠᠨ ᠭᠠᠷᠭᠠᠪᠠ᠃ 2023 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠨᠢ 66.16% ᠳᠤ ᠬᠦᠷᠴᠦ᠂ 2022 ᠣᠨ ᠤ ᠬᠢ ᠠᠴᠠ 0.94 % ᠪᠠᠷ ᠳᠡᠭᠡᠭᠰᠢᠯᠡᠪᠡ᠃ ᠲᠤᠮᠤ ᠳᠤᠮᠳᠠ ᠪᠠᠭ᠎ᠠ ᠬᠤᠲᠠ᠂ ᠪᠠᠭ᠎ᠠ ᠬᠤᠲᠠ ᠪᠠᠯᠭᠠᠰᠤ ᠪᠣᠯᠤᠨ ᠬᠤᠲᠠ ᠶᠢᠨ ᠪᠥᠭᠡᠮᠨᠡᠷᠡᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠣᠯᠤᠨ ᠠᠵᠤ ᠦᠢᠯᠡᠰ ᠤᠨ ᠪᠠᠶᠢᠷᠢᠰᠢᠭᠤᠯᠤᠯ ᠯᠤᠭ᠎ᠠ ᠨᠢᠭᠲᠠ ᠵᠣᠯᠭᠠᠯᠳᠤᠭᠤᠯᠵᠤ᠂ ᠡᠬᠢ ᠪᠠᠶᠠᠯᠢᠭ ᠪᠠ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠯᠤᠭ᠎ᠠ ᠲᠣᠬᠢᠷᠠᠯᠴᠠᠭᠤᠯᠬᠤ ᠬᠡᠷᠡᠭᠲᠡᠶ᠃ ᠬᠤᠲᠠ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠵᠠᠰᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡᠡ ᠶᠢ ᠭᠦᠨᠵᠡᠭᠡᠶᠢᠷᠡᠭᠦᠯᠵᠦ᠂ ᠬᠤᠲᠠ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠪᠴᠢᠯᠡᠨ ᠬᠤᠪᠢᠷᠠᠭᠤᠯᠤᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ  ᠪᠠᠷ ᠬᠥᠳᠡᠯᠭᠡᠬᠦ ᠬᠦᠴᠦᠨ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠲᠦ  ᠲᠤᠮᠤ ᠣᠨᠴᠠ ᠲᠤᠮᠤ ᠬᠤᠲᠠ ᠶᠢᠨ ᠣᠶᠤᠨᠴᠢ ᠥᠨᠳᠥᠷ ᠪᠦᠲᠦᠮᠵᠢᠲᠡᠶ ᠵᠠᠰᠠᠯᠲᠠ ᠶᠢᠨ ᠰᠢᠨ᠎ᠡ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠵᠤ᠂ ᠲᠦᠪ ᠬᠤᠲᠠ ᠲᠣᠭᠤᠷᠢᠭ ᠤᠨ ᠠᠳᠠᠯᠢ ᠬᠤᠲᠠᠴᠢᠯᠠᠯᠲᠠ ᠶᠢᠨ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ ᠣᠨᠴᠠ ᠲᠤᠮᠤ ᠪᠠᠯᠭᠠᠰᠤᠨ ᠳᠤ ᠬᠥᠮᠦᠨ ᠠᠮᠠ ᠪᠠ ᠠᠵᠤ ᠠᠬᠤᠶ ᠶᠢᠨ ᠬᠡᠪᠴᠢᠶ᠎ᠡ ᠶᠢ ᠵᠤᠬᠢᠴᠠᠬᠤᠯᠬᠤ ᠠᠵᠤ ᠠᠬᠤᠶ ᠨᠡᠶᠢᠭᠡᠮ ᠤᠨ ᠬᠠᠮᠢᠶᠠᠷᠤᠯᠲᠠ ᠶᠢᠨ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠶᠢ ᠨᠢᠭᠡᠨᠲᠡ ᠭᠦᠨᠵᠡᠭᠡᠶᠢᠷᠡᠭᠦᠯᠦᠭᠰᠡᠨ ᠣᠷᠣᠨ ᠳᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠰᠢᠨ᠎ᠡ ᠶᠢ ᠡᠭᠦᠳᠬᠦ ᠰᠡᠳᠬᠢᠬᠦᠢ ᠪᠠ ᠰᠥᠰᠥ ᠵᠣᠷᠢᠭ ᠢᠶᠠᠷ ᠥᠭᠡᠷᠡᠴᠢᠯᠡᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠢᠰᠲ᠋ᠧᠮ ᠤᠨ ᠬᠤᠷᠠᠮᠳᠤᠯ ᠢ ᠴᠢᠬᠤᠯᠠᠴᠢᠯᠠᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃       ᠶᠡᠷᠦᠩᠬᠡᠢ ᠱᠦᠵᠢ ᠰᠢ ᠶᠢᠨ ᠫᠢᠩ᠂ ᠬᠤᠳᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ᠂ ᠤᠶᠤᠨᠴᠢ ᠬᠤᠳᠠ ᠶᠢ ᠪᠦᠳᠦᠭᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ ᠣᠳᠣᠬᠠᠨ ᠳᠤ᠂ ᠬᠤᠲᠠ ᠶᠢᠨ ᠬᠥᠭᠵᠢᠯᠲᠡ ᠨᠢ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠵᠤ᠂ ᠶᠡᠭᠡ ᠬᠡᠪᠴᠢᠶᠡᠨ ᠤ ᠨᠡᠮᠡᠭᠳᠡᠯ ᠤᠨ ᠪᠦᠲᠦᠭᠡᠨ ᠪᠠᠶᠢᠭᠤᠯᠤᠯᠲᠠ ᠠᠴᠠ ᠦᠯᠡᠳᠡᠭᠳᠡᠯ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠪᠠ ᠦᠯᠡᠳᠡᠭᠳᠡᠯ ᠪᠦᠲᠦᠴᠡ ᠶᠢ ᠲᠣᠬᠢᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠬᠤᠪᠢᠷᠠᠭᠤᠯᠵᠤ᠂ ᠬᠤᠲᠠ ᠶᠢᠨ ᠬᠥᠭᠵᠢᠯᠲᠡ ᠳᠤ ᠡᠷᠬᠡᠪᠰᠢ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠲᠦᠴᠡ ᠶᠢ ᠲᠣᠬᠢᠷᠠᠭᠤᠯᠵᠤ᠂ ᠴᠢᠳᠠᠮᠵᠢ ᠶᠢ ᠲᠡᠭᠦᠯᠳᠡᠷᠵᠢᠭᠦᠯᠦᠨ᠂ ᠤᠶᠠᠨ ᠬᠠᠳᠠᠨ ᠴᠢᠨᠠᠷ ᠢ ᠴᠢᠩᠭᠠᠷᠠᠭᠤᠯᠵᠤ᠂ ᠭᠠᠳᠠᠭᠰᠢ ᠤᠷᠳᠤᠳᠬᠠᠨ ᠦᠷᠭᠡᠵᠢᠭᠰᠡᠨ ᠮᠠᠶ᠋ᠢᠭ ᠤᠨ ᠬᠥᠭᠵᠢᠯᠲᠡ ᠠᠴᠠ ᠠᠭᠤᠯᠤᠭᠳᠠᠬᠤᠨ ᠢ ᠡᠷᠴᠢᠮᠵᠢᠭᠦᠯᠦᠭᠰᠡᠨ ᠮᠠᠶ᠋ᠢᠭ ᠤᠨ ᠬᠥᠭᠵᠢᠯᠲᠡ ᠳᠠᠰᠢ ᠬᠤᠪᠢᠷᠠᠭᠤᠯᠬᠤ ᠬᠡᠷᠡᠭᠲᠡᠶ᠃ 2023 ᠣᠨ ᠠᠴᠠ ᠣᠲᠣ ᠪᠣᠯᠲᠠᠯ᠎ᠠ᠂ ᠪᠥᠬᠦ ᠤᠯᠤᠰ ᠲᠤ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠨᠡᠶᠢᠲᠡ 6.6 ᠲᠦᠮᠡ ᠬᠡᠷᠡᠭᠵᠢᠭᠦᠯᠪᠡ᠃ ᠡᠨᠠ ᠵᠢᠯ ᠤᠨ ᠳᠦᠷᠣᠭᠦᠤ 5 ᠰᠠᠷ᠎ᠠ ᠳᠤ ᠪᠦᠭᠦ ᠤᠯᠤᠰ ᠲᠤ ᠬᠤᠲᠠ ᠪᠠᠯᠭᠠᠰᠣᠠ ᠤ 2.26 ᠳᠦᠮᠠᠨ ᠬᠠᠭᠤᠴᠢᠨ ᠰᠠᠭᠤᠭᠠᠯᠢ ᠠᠷᠠᠳ ᠤᠨ ᠳᠣᠭᠤᠷᠢᠭ ᠢ ᠰᠢᠨ᠎ᠠ ᠪᠠᠷ ᠠᠵᠢᠯ ᠡᠭᠢᠯᠠᠭᠦᠯᠵᠤ᠂ ᠬᠤᠲᠠ ᠶᠢᠨ ᠰᠢᠳᠠᠮᠠᠬᠠᠢ ᠬᠡᠢ ᠶᠢᠨ ᠬᠤᠭᠤᠯᠠᠢ ᠲᠤᠤᠷ ᠵᠡᠷᠭᠡ ᠶᠢ 10 ᠳᠦᠮᠠᠨ ᠺᠢᠯᠣᠮᠧᠲᠷ ᠦᠭᠡᠷᠡᠴᠢᠯᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠤᠯᠤᠰ ᠤᠨ ᠳᠠᠪᠬᠤᠷᠭ᠎ᠠ ᠠᠴᠠ ᠬᠤᠳᠠ ᠶᠢᠨ ᠰᠢᠨᠡᠴᠢᠯᠡᠯᠲᠡ ᠶᠢᠨ ᠬᠠᠷᠠᠯᠲᠠ ᠡᠭᠦᠷᠭᠡ ᠂ ᠲᠦᠷᠢᠮ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ ᠬᠠᠮᠢᠶ᠎ᠠ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠬᠤᠳᠠ ᠶᠢᠨ ᠪᠠᠶᠢᠭᠤᠯᠤᠮᠵᠢ ᠲᠣᠭᠲᠠᠴᠠ ᠶᠢ ᠰᠢᠨᠡᠳᠬᠡᠬᠦ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠪᠦᠲᠦᠭᠡᠨ ᠪᠠᠶᠢᠭᠤᠯᠤᠯᠲᠠ ᠪᠠ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠵᠤ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ ᠨᠡᠶᠢᠲᠡ ᠪᠠᠷ ᠢᠶᠠᠨ ᠤᠷᠤᠯᠴᠠᠬᠤ ᠬᠤᠲᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠨᠢᠭᠡ ᠲᠠᠯ᠎ᠠ ᠪᠠᠷ ᠵᠠᠬ᠎ᠠ ᠳᠡᠯᠭᠡᠭᠦᠷᠴᠢᠯᠡᠭᠰᠡᠨ ᠪᠠᠯᠠ ᠲᠤᠬᠢᠷᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠣᠯᠠᠨ ᠡᠰᠢᠲᠦ ᠪᠠᠯᠠ ᠮᠥᠩᠭᠦ ᠶᠢᠨ ᠠᠷᠭ᠎ᠠ ᠵᠠᠮ ᠢ ᠥᠷᠭᠡᠳᠬᠡᠨ᠂ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ︽ᠠᠷᠭ᠎ᠠ ᠵᠠᠮ︾ ᠢ ᠴᠢᠷᠮᠠᠶᠢᠨ ᠨᠡᠪᠳᠡᠷᠡᠭᠦᠯᠦᠨ᠎ᠡ︔ ᠨᠥᠭᠦᠭᠡ ᠲᠠᠯ᠎ᠠ ᠪᠠᠷ᠂ ︽ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ︾ ᠠᠴᠠ ︽ᠡᠵᠡᠩᠨᠡᠯᠲᠡ ᠶᠢᠨ ᠵᠠᠭᠪᠤᠷ︾ ᠳᠠᠰᠢ ᠬᠤᠪᠢᠷᠠᠭᠤᠯᠬᠤ ᠶᠢ ᠢᠳᠡᠪᠬᠢᠲᠡᠶ ᠰᠦᠪᠡᠭᠴᠢᠯᠡᠵᠦ᠂ ᠪᠠᠭ᠎ᠠ ᠬᠡᠪᠴᠢᠶ᠎ᠡ ᠪᠠᠷ ᠠᠭᠠᠵᠢᠮ ᠢᠶᠠᠷ ᠠᠬᠢᠭᠤᠯᠬᠤ᠂ ᠪᠠᠭ᠎ᠠ ᠠᠰᠢᠭ ᠢ ᠦᠷᠭᠦᠯᠵᠢᠯᠡᠭᠦᠯᠬᠦ ᠶᠢ ᠬᠡᠷᠡᠭᠵᠢᠭᠦᠯᠬᠦ ᠵᠠᠭᠪᠤᠷ ᠢ ᠪᠣᠶ ᠪᠣᠯᠭᠠᠨ᠎ᠠ᠃ ᠡᠭᠦᠨ ᠠᠴᠠ ᠭᠠᠳᠠᠨ᠎ᠠ᠂ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠲᠤᠳᠠᠭᠳᠠᠯ ᠢ ᠭᠦᠢᠴᠡᠳ ᠨᠥᠬᠦᠪᠥᠷᠢᠯᠡᠨ᠎ᠡ᠃ ᠬᠤᠲᠠ ᠶᠢ ᠨᠠᠩ ᠡᠷᠡᠭᠦᠯ᠂ ᠨᠠᠩ ᠠᠮᠤᠷ ᠲᠦᠪᠰᠢᠨ᠂ ᠨᠠᠩ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠵᠤ᠂ ᠠᠷᠠᠳ ᠣᠯᠠᠨ ᠳᠤ ᠴᠢᠨᠠᠷ ᠰᠠᠶᠢᠲᠠᠶ ᠰᠠᠶᠢᠨ ᠰᠠᠶᠢᠬᠠᠨ ᠠᠮᠢᠳᠤᠷᠠᠯ ᠤᠨ ᠣᠷᠣᠨ ᠪᠦᠰᠡ ᠶᠢ ᠪᠤᠢ ᠪᠤᠯᠭᠠᠵᠦ ᠦᠭᠬᠦ ᠬᠡᠷᠡᠭᠳᠡᠢ᠃      ᠲᠡᠦᠬᠡ ᠪᠠ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠠᠷᠠᠳ ᠤᠨ ᠬᠤᠳᠠ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠠᠢ ᠶᠢ ᠡᠷᠬᠢᠮᠯᠡᠬᠦ ᠠᠵᠢᠯᠯᠠᠭ᠎ᠠ ᠪᠠᠷ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ  ᠪᠡᠶᠡᠯᠡᠭᠦᠯᠦᠶ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1