ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠨᠢᠭᠡᠳᠦᠭᠡᠷ ᠹᠷᠣᠨᠲ ᠤᠨ ᠤᠢ ᠬᠠᠮᠠᠭᠠᠯᠠᠭᠴᠢ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/9
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠠᠵᠢᠯᠳᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠠᠪᠤᠴᠠ ᠳᠠᠬᠢ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ᠂ ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠶᠠᠪᠤᠴᠠ ᠳᠤ ᠭᠠᠪᠢᠶ᠎ᠠ ᠵᠢᠳᠬᠦᠯ ᠪᠠᠶᠢᠭᠤᠯᠬᠤ ᠶᠢᠨ ᠲᠦᠯᠦᠭᠡ᠂ 8 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠲᠣᠭᠲᠠᠬᠤ ᠰᠢᠶᠠᠨ ᠤ ︽ᠬᠥᠳᠡᠯᠮᠦᠷᠢ ᠶᠢᠨ ᠴᠡᠴᠡᠷᠯᠢᠭ︾ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠨᠢᠭᠡᠳᠦᠭᠡᠷ ᠹᠷᠣᠨᠲ ᠤᠨ ᠤᠢ ᠰᠢᠭᠤᠢ ᠶᠢᠨ ᠬᠠᠮᠠᠭᠠᠯᠠᠭᠴᠢ ᠶᠢ ᠲᠣᠬᠤᠨᠢᠭᠤᠯᠪᠠ᠃
     ᠲᠤᠬᠠᠶ ᠶᠢᠨ ᠲᠠᠯᠠᠪᠠᠶ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠪᠣᠯᠤᠨ ᠣᠶ ᠰᠢᠭᠤᠶ ᠬᠠᠮᠠᠭᠠᠯᠠᠭᠴᠢ ᠳᠤ ᠤᠬᠠᠭᠤᠯᠭ᠎ᠠ ᠶᠢᠨ ᠮᠠᠲ᠋ᠧᠷᠢᠶᠠᠯ᠂ ᠣᠶ ᠰᠢᠭᠤᠶ ᠬᠠᠮᠠᠭᠠᠯᠠᠭᠴᠢᠳ ᠲᠤ ᠬᠠᠯᠠᠮᠵᠢᠯᠠᠯ ᠪᠠ ᠬᠦᠨᠳᠦᠳᠬᠡᠯ ᠢᠶᠠᠨ ᠳᠡᠪᠰᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠶ ᠰᠢᠭᠤᠶ ᠬᠠᠮᠠᠭᠠᠯᠠᠭᠴᠢᠳ ᠲᠤ ᠢᠲᠡᠭᠡᠯ ᠵᠣᠷᠢᠭ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠪᠡ᠃ ᠤᠯᠠᠨ ᠢᠶᠠᠷ ᠢᠶᠠᠨ ᠢᠯᠡᠷᠭᠡᠶᠢᠯᠡᠭᠰᠡᠨ ᠨᠢ᠂ ᠠᠵᠢᠯ ᠤᠨ ᠪᠠᠶᠢᠷᠢ ᠪᠠᠨ ᠦᠷᠭᠦᠯᠵᠢᠯᠡᠨ ᠪᠠᠲᠤ ᠰᠠᠬᠢᠵᠤ᠂ ᠮᠠᠨ ᠤ ᠭᠡᠷ ᠣᠷᠣᠨ ᠤ ᠤᠢ ᠰᠢᠭᠤᠢ ᠶᠢᠨ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠢ᠃      ᠬᠤᠶᠢᠰᠢᠳᠠ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠬᠥᠳᠡᠯᠮᠦᠷᠢ ᠶᠢᠨ ᠤᠷᠤᠯᠳᠤᠭᠠᠨ ᠢᠶᠠᠷ ︽ᠵᠢᠷᠭᠤᠭᠠᠨ ᠢᠨᠵᠧᠨᠧᠷᠢᠩ︾ ᠳᠤ ᠦᠢᠯᠡᠴᠢᠯᠡᠬᠦ ᠴᠢᠬᠤᠯᠠ ᠠᠴᠢᠶᠠᠯᠠᠪᠤᠷᠢ ᠪᠣᠯᠭᠠᠵᠤ᠂ ᠲᠡᠭᠦᠨ ᠤ ︽ᠨᠠᠷᠠᠲᠤ ᠲᠡᠮᠳᠡᠭ ᠤᠨ ᠦᠢᠯᠡᠳᠦᠯ︾ ᠢ ᠪᠠᠳᠠᠷᠠᠭᠤᠯᠵᠤ᠂ ᠠᠵᠢᠯᠴᠢᠨ ᠠᠩᠭᠢ ᠶᠢᠨ ᠬᠢᠵᠠᠭᠠᠯᠠᠰᠢ ᠥᠬᠡᠶ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠨᠣᠭᠤᠭᠠᠨ ᠬᠠᠯᠬᠠᠪᠴᠢ ᠶᠢ ᠪᠠᠶᠢᠭᠤᠯᠬᠤ ᠳᠤᠮᠳᠠ ᠬᠤᠰᠢᠭᠤᠴᠢ ᠪᠣᠯᠵᠣ᠂ ᠬᠤᠰᠢᠭᠤᠴᠢ ᠪᠣᠯᠬᠤ ᠡᠵᠡᠨ ᠬᠥᠮᠦᠨ ᠤ ᠴᠤᠭ ᠵᠢᠪᠬᠤᠭ᠎ᠠ ᠶᠢ ᠢᠯᠡᠷᠡᠭᠦᠯᠬᠦ ᠪᠣᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1