ᠥᠪᠥᠷ ᠮᠣᠩᠭᠤᠯ ᠤᠨ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠪᠠᠶᠢᠭᠤᠯᠤᠭᠳᠠᠭᠰᠠᠨ ᠡᠬᠢᠯᠡᠯᠲᠡ ᠶᠢᠨ ᠶᠡᠭᠡ ᠬᠤᠷᠠᠯ ᠵᠢᠴᠢ ᠠᠵᠤ ᠠᠬᠤᠶᠢᠯᠠᠯ ᠤᠨ ᠪᠡᠯᠡ ᠮᠥᠩᠭᠦ ᠪᠠᠷ ᠰᠤᠷᠤᠯᠭ᠎ᠠ ᠶᠢ ᠲᠡᠳᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/8/9
      ᠥᠨᠢᠳᠡ ᠶᠢᠨ ᠶᠡᠭᠡ ᠪᠤᠳᠤᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃ 8 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠪᠠᠶᠢᠭᠤᠯᠤᠭᠳᠠᠭᠰᠠᠨ ᠡᠬᠢᠯᠡᠯᠲᠡ ᠶᠢᠨ ᠶᠡᠭᠡ ᠬᠤᠷᠠᠯ ᠵᠢᠴᠢ ᠠᠵᠤ ᠠᠬᠤᠶᠢᠯᠠᠯ ᠤᠨ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠶᠣᠰᠣᠯᠠᠯ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠥᠪᠥᠷ ᠮᠣᠩᠭᠤᠯ ᠤᠨ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠨᠢ ᠰᠢᠶᠠᠨ ᠤ ᠡᠳ᠋ ᠤᠨ ᠵᠠᠰᠠᠭ ᠠᠴᠠ 200 ᠲᠦᠮᠡᠨ ᠲᠥᠭᠦᠷᠢᠭ ᠪᠡᠯᠡ ᠮᠥᠩᠭᠦ ᠭᠠᠷᠭᠠᠵᠤ ᠠᠩᠬᠠᠨ ᠤ ᠪᠡᠯᠡ ᠮᠥᠩᠭᠦ ᠪᠣᠯᠭᠠᠵᠤ ᠡᠬᠢᠯᠡᠨ ᠠᠵᠢᠯᠯᠠᠭᠤᠯᠵᠤ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠬᠤᠪᠢ ᠬᠥᠮᠦᠨ ᠤ ᠰᠠᠶᠢᠨ ᠳᠤᠷ᠎ᠠ ᠠᠴᠠ ᠪᠠᠨ ᠬᠠᠨᠳᠢᠪᠯᠠᠭᠰᠠᠨ ᠪᠡᠯᠡ ᠮᠥᠩᠭᠦ ᠪᠠ ᠡᠳ᠋ ᠪᠣᠳᠠᠰ ᠢ ᠴᠤᠭᠯᠠᠭᠤᠯᠬᠤ᠂ ᠬᠠᠮᠢᠶᠠᠷᠤᠯᠳᠠ ᠪᠠ ᠬᠡᠷᠡᠭᠯᠡᠯᠳᠡ ᠶᠢ ᠬᠠᠷᠢᠭᠤᠴᠠᠨ᠎ᠠ᠃ ᠰᠠᠭᠤᠷᠢ ᠮᠥᠩᠭᠦᠨ ᠤ ᠨᠡᠶᠢᠭᠡᠮᠯᠢᠭ ︽ᠰᠤᠷᠭᠠᠨ ᠬᠥᠮᠦᠵᠢᠯ ᠢ ᠴᠢᠬᠤᠯᠠᠴᠢᠯᠠᠨ ᠰᠤᠷᠤᠯᠭ᠎ᠠ ᠶᠢ ᠲᠡᠳᠬᠦᠵᠦ᠂ ᠱᠠᠩᠨᠠᠯ ᠪᠠ ᠰᠤᠷᠭᠠᠨ ᠬᠥᠮᠦᠵᠢᠯ ᠤᠨ ᠱᠠᠩᠨᠠᠯ︾ ᠢᠶᠠᠷ ᠵᠣᠷᠢᠯᠲᠠ ᠪᠣᠯᠭᠠᠵᠤ᠂ ᠰᠤᠷᠭᠠᠨ ᠬᠥᠮᠦᠵᠢᠯ ᠤᠨ ᠰᠠᠭᠤᠷᠢ ᠮᠥᠩᠭᠦ ᠶᠢᠨ ᠬᠠᠮᠤᠭ ᠤᠨ ᠶᠡᠭᠡ ᠨᠡᠶᠢᠲᠡ ᠶᠢᠨ ᠠᠰᠠᠷᠠᠮᠵᠢ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠮᠠᠨ ᠤ ᠰᠢᠶᠠᠨ ᠤ ᠮᠣᠷᠠᠯ ᠰᠤᠷᠤᠯᠭ᠎ᠠ ᠶᠢ ᠬᠤᠤᠰᠯᠠᠭᠤᠯᠤᠭᠰᠠᠨ ᠰᠢᠯᠢᠳᠡᠭ ᠰᠤᠷᠤᠭᠴᠢ᠂ ᠡᠷᠡᠯᠬᠡᠭᠯᠡᠨ ᠲᠡᠮᠡᠴᠡᠵᠦ ᠬᠦᠴᠢᠷᠳᠡᠯ ᠳᠤ ᠲᠤᠯᠭᠠᠷᠠᠭᠰᠠᠨ ᠪᠠᠭᠰᠢ ᠰᠣᠷᠣᠭᠴᠢ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠭᠰᠡᠨ ᠰᠢᠯᠢᠳᠡᠭ ᠪᠠᠭᠰᠢ ᠶᠢ ᠱᠠᠩᠨᠠᠨ ᠲᠤᠰᠠᠯᠠᠵᠤ ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠪᠥᠬᠦ ᠲᠠᠯ᠎ᠠ ᠶᠢᠨ ᠦᠰᠦᠷᠦᠩᠭᠦᠢ ᠳᠠᠪᠰᠢᠯᠲᠠ᠂ ᠰᠢᠰᠲ᠋ᠧᠮ ᠤᠨ ᠰᠠᠶᠢᠨ ᠰᠠᠶᠢᠬᠠᠨ ᠴᠤ᠋ ᠰᠢᠨ᠎ᠡ ᠪᠠᠶᠢᠳᠠᠯ ᠢ ᠪᠠᠶᠢᠭᠤᠯᠤᠨ᠎ᠠ᠃      ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠯᠦᠩ ᠬᠠᠶ ᠪᠦᠯᠦᠭᠯᠡᠯ ᠤᠨ ᠳ᠋ᠢᠩ ᠱᠧᠩ ᠬᠤᠸᠠ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠪᠠᠯᠠ ᠮᠥᠩᠭᠦ ᠭᠠᠷᠭᠠᠵᠤ᠂ ᠬᠥᠬᠡᠬᠤᠲᠠ ᠶᠢᠨ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠠᠴᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠱᠠᠩᠨᠠᠯ ᠤᠨ ᠰᠤᠷᠭᠠᠨ ᠬᠥᠮᠦᠵᠢᠯ ᠤᠨ ᠮᠥᠩᠭᠦ 25 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ 30 ᠰᠢᠯᠢᠳᠡᠭ ᠰᠣᠷᠣᠭᠴᠢ ᠶᠢ ᠲᠤᠰᠠᠯᠠᠵᠤ᠂ ᠶᠢᠨ ᠸᠧᠢ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ 6 ᠲᠦᠮᠡᠨ ᠲᠥᠭᠦᠷᠢᠭ ᠪᠠᠯᠠ ᠭᠠᠷᠭᠠᠵᠤ ᠡᠨᠡ ᠵᠢᠯ ᠤᠨ ᠮᠠᠨ ᠤ ᠰᠢᠶᠠᠨ ᠤ ᠶᠡᠭᠡ ᠰᠤᠷᠭᠠᠭᠤᠯᠢ ᠳᠤ ᠰᠢᠯᠭᠠᠨ ᠤᠷᠤᠭᠰᠠᠨ 30 ᠰᠢᠯᠢᠳᠡᠭ ᠰᠣᠷᠣᠭᠴᠢ ᠶᠢ ᠲᠤᠰᠠᠯᠠᠪᠠ᠃ ᠵᠢᠦ ᠲᠠᠢ ᠰᠢᠨ᠎ᠡ ᠮᠠᠲ᠋ᠧᠷᠢᠶᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠢ ᠤᠯᠠᠮ ᠨᠢᠭᠡ ᠠᠯᠬᠤᠮ ᠳᠡᠮᠵᠢᠬᠦ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠯᠦᠩ ᠬᠠᠶ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠧᠶ ᠷᠠᠨ ᠹᠧᠩ᠂ ᠲᠤᠭᠳᠠᠬᠤ ᠰᠢᠶᠠᠨ ᠤ ᠬᠥᠮᠦᠨ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠨᠠᠶᠢᠵᠠ ᠪᠣᠯᠤᠭᠰᠠᠨ ᠤ ᠬᠤᠪᠢ ᠳᠤ᠂ 2011 ᠣᠨ ᠠᠴᠠ ᠡᠬᠢᠯᠡᠨ᠂ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠰᠤᠷᠭᠠᠨ ᠬᠥᠮᠦᠵᠢᠯ ᠤᠨ ᠰᠤᠷᠭᠠᠭᠤᠯᠢ ᠨᠢ ᠨᠡᠶᠢᠲᠡ 430 ᠭᠠᠷᠤᠶ ᠲᠦᠮᠡᠨ ᠲᠥᠭᠦᠷᠢᠭ ᠪᠠᠶᠢᠵᠤ᠂ ᠨᠢᠭᠡ ᠠᠵᠤ ᠠᠬᠤᠶᠢᠯᠠᠯ ᠤᠨ ᠨᠡᠶᠢᠭᠡᠮ ᠳᠤ ᠬᠠᠷᠢᠭᠤᠴᠠᠬᠤ ᠪᠠ ᠬᠠᠷᠢᠭᠤᠴᠠᠯᠭ᠎ᠠ ᠡᠭᠦᠷᠭᠡᠯᠡᠬᠦ ᠵᠢᠴᠢ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠬᠦ ᠳᠡᠮᠵᠢᠯᠭᠡ ᠶᠢ ᠢᠯᠡᠷᠡᠭᠦᠯᠪᠡ᠃ ᠰᠤᠷᠤᠭᠴᠢᠳ ᠤᠨ ᠲᠥᠯᠥᠭᠡᠯᠡᠭᠴᠢ ᠳ᠋ᠢᠩ ᠵᠢᠩ᠂ ᠰᠥᠩ ᠢ ᠹᠠᠨ ᠢᠯᠡᠷᠬᠡᠶᠢᠯᠡᠬᠦ ᠳᠡᠭᠡᠨ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠳᠡᠮᠵᠢᠯᠭᠡ ᠳᠤ ᠮᠠᠰᠢ ᠲᠠᠯᠠᠷᠬᠠᠵᠤ ᠪᠠᠶᠢᠨ᠎ᠠ᠂ ᠲᠡᠳᠡ ᠴᠢᠷᠮᠠᠶᠢᠨ ᠰᠤᠷᠤᠯᠴᠠᠵᠤ᠂ ᠢᠷᠡᠭᠡᠳᠦᠶ ᠳᠤ ᠨᠤᠲᠤᠭ ᠤᠰᠤᠨ ᠤ ᠪᠠᠨ ᠠᠴᠢ ᠶᠢ ᠬᠠᠷᠢᠭᠤᠯᠵᠤ᠂ ᠨᠡᠶᠢᠭᠡᠮ ᠤᠨ ᠠᠴᠢ ᠶᠢ ᠬᠠᠷᠢᠭᠤᠯᠤᠨ᠎ᠠ ᠭᠡᠵᠡᠶ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1