ᠲᠣᠭᠲᠠᠬᠤ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/9
      ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢᠨ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠡᠷᠢᠭ ᠠᠩᠬᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠲᠥᠯᠥᠭᠡ᠂ 8ᠳ᠋ᠤᠭᠠᠷ ᠰᠠᠷ᠎ᠠ ᠶᠢᠨ 6 ᠤ ᠡᠳᠦᠷ᠂ 8 ᠳ᠋ᠤᠭᠠᠷ ᠰᠠᠷ᠎ᠠ ᠶᠢᠨ 8 ᠤ ᠡᠳᠦᠷ᠂ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠧᠨ ᠯᠧ ᠲᠤᠰ ᠲᠤᠰ ᠲᠣᠭᠲᠠᠬᠤ ᠰᠢᠶᠠᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠪᠣᠯᠤᠨ ᠬᠥᠬᠡᠬᠤᠲᠠ ᠶᠢᠨ ᠰᠠᠯᠪᠤᠷᠢ ᠠᠩᠬᠢ ᠶᠢᠨ ᠵᠢᠵᠢᠭᠦᠷᠯᠡᠬᠦ ᠳᠣᠯᠣᠳᠤᠭᠠᠷ ᠶᠡᠭᠡ ᠠᠩᠬᠢ ᠶᠢᠨ ᠬᠤᠷᠢᠨ ᠳᠥᠷᠪᠡᠳᠦᠭᠡᠷ ᠳᠤᠮᠳᠠ ᠠᠩᠬᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃
     ᠸᠠᠩ ᠧᠨ ᠯᠧ ᠶᠡᠭᠡ ᠲᠡᠦᠬᠡ ᠶᠢᠨ ᠦᠵᠡᠯᠲᠡ ᠶᠢᠨ ᠦᠨᠳᠦᠷᠴᠡ ᠠᠴᠠ ᠡᠷᠲᠡ ᠡᠳᠦᠭᠡ᠂ ᠳᠤᠮᠳᠠᠳᠤ ᠭᠠᠳᠠᠭᠠᠳᠤ ᠲᠠᠢ ᠬᠠᠷᠢᠴᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠪᠣᠯᠤᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠪᠥᠭᠡᠳ ᠰᠢᠶᠠᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠬᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠴᠡᠷᠢᠭ ᠠᠩᠬᠢ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠢᠯᠡᠷᠬᠡᠶᠢᠯᠡᠬᠦ ᠳᠡᠭᠡᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠭᠳᠠᠬᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃
   ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ︽ᠴᠡᠷᠢᠭ ᠠᠷᠠᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ︽ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠬᠤ︾ ᠰᠠᠶᠢᠨ ᠰᠠᠶᠢᠬᠠᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠪᠡ᠃ ᠵᠠᠯᠭᠠᠭᠠᠳ᠂ ᠲᠣᠭᠲᠠᠬᠤ ᠰᠢᠶᠠᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠴᠡᠷᠢᠭ ᠢᠶᠠᠨ ᠬᠦᠷᠢᠶᠡᠯᠡᠨ ᠤᠯᠤᠰ ᠢᠶᠠᠨ ᠬᠠᠶᠢᠷᠠᠯᠠᠬᠤ ᠶᠢ ᠬᠥᠲᠥᠯᠥᠨ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠂ ᠴᠡᠷᠢᠭ ᠠᠷᠠᠳ ᠤᠨ ᠪᠦᠯᠬᠦᠮᠳᠡᠯ ᠢ ᠬᠠᠮᠠᠭᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠶᠠᠨ ᠤ ᠬᠦᠴᠦᠨ ᠴᠢᠳᠠᠯ ᠢᠶᠠᠨ ᠡᠷᠭᠦᠨ᠎ᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1