ᠭᠡᠷ ᠪᠠᠶᠢᠰᠢᠩ ᠤᠨ ᠪᠠᠷᠢᠯᠭ᠎ᠠ ᠶᠢᠨ ᠬᠠᠭᠤᠴᠢᠷᠠᠵᠤ ᠮᠠᠭᠤᠵᠢᠷᠠᠭᠰᠠᠨ ᠡᠯᠧᠮᠧᠨᠲ ᠨᠢ ᠶᠠᠭᠤ ᠪᠠᠶᠢᠳᠠᠭ ᠪᠤᠢ︖ ᠪᠠᠷᠢᠯᠭ᠎ᠠ ᠶᠢᠨ ᠨᠤᠷᠠᠯᠲᠠ ᠶᠢᠨ ᠰᠢᠨᠵᠢ ᠲᠡᠮᠳᠡᠭ ᠢ ᠬᠡᠷᠬᠢᠨ ᠲᠠᠨᠢᠬᠤ ᠪᠤᠢ︖
ᠨᠡᠶᠢᠲᠡᠯᠡᠭᠰᠡᠨ ᠴᠠᠭ᠄
2024/8/9
      ᠭᠡᠷ ᠪᠠᠶᠢᠰᠢᠩ ᠤᠨ ᠪᠠᠷᠢᠯᠭ᠎ᠠ ᠨᠢ ᠬᠠᠭᠤᠴᠢᠷᠠᠵᠤ ᠮᠠᠭᠤᠵᠢᠷᠠᠭᠰᠠᠨ ᠡᠯᠧᠮᠧᠨᠲ       ᠵᠢᠷᠤᠭ ᠲᠦᠯᠦᠪᠯᠡᠯᠭᠡ ᠶᠢᠨ ᠡᠯᠧᠮᠧᠨ᠋ᠲ᠃ ᠵᠢᠷᠤᠭ ᠲᠥᠯᠥᠪᠯᠡᠭᠡ ᠶᠢᠨ ᠲᠠᠰᠢᠶᠠᠷᠠᠯ᠂ ᠭᠡᠷᠡᠴᠢ ᠦᠨᠡᠮᠯᠡᠯ ᠪᠦᠷᠢᠨ ᠪᠤᠰᠤ ᠵᠢᠷᠤᠭ ᠲᠥᠯᠥᠪᠯᠡᠭᠡ ᠬᠢᠬᠦ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ ᠬᠡᠳᠦ ᠳᠣᠣᠷ᠎ᠠ᠃      ᠪᠠᠷᠢᠯᠭ᠎ᠠ ᠪᠠᠷᠢᠬᠤ ᠡᠯᠧᠮᠧᠨ᠋ᠲ᠃ ᠪᠠᠷᠢᠮᠵᠢᠶ᠎ᠠ ᠶᠣᠰᠣᠭᠠᠷ ᠵᠢᠷᠤᠮᠵᠢᠯ ᠲᠠᠢ ᠠᠵᠢᠯᠯᠠᠭᠰᠠᠨ ᠦᠭᠡᠢ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ ᠱᠠᠭᠠᠷᠳᠠᠯᠭ᠎ᠠ ᠳᠤ ᠬᠦᠷᠦᠭᠰᠡᠨ ᠦᠭᠡᠢ᠂ ᠠᠵᠢᠯ ᠢ ᠤᠮᠳᠠᠭᠠᠶᠢᠯᠠᠵᠤ ᠮᠠᠲ᠋ᠧᠷᠢᠶᠠᠯ ᠢ ᠪᠠᠭᠠᠰᠬᠠᠬᠤ ᠵᠡᠷᠭᠡ᠃      ᠮᠠᠲ᠋ᠧᠷᠢᠶᠠᠯ ᠤᠨ ᠡᠯᠧᠮᠧᠨ᠋ᠲ᠃ ᠬᠢᠷᠢ ᠲᠡᠩᠴᠡᠬᠦ ᠦᠭᠡᠢ ᠮᠠᠲ᠋ᠧᠷᠢᠶᠠᠯ ᠢ ᠬᠡᠷᠡᠭᠯᠡᠵᠦ᠂ ᠮᠠᠭᠤ ᠪᠠᠷ ᠰᠠᠶᠢᠨ ᠢ ᠤᠷᠤᠯᠠᠭᠤᠯᠤᠭᠰᠠᠨ᠃      ᠭᠠᠵᠠᠷ ᠰᠢᠨᠵᠢᠯᠡᠭᠡᠨ ᠤ ᠡᠯᠧᠮᠧᠨ᠋ᠲ᠃ ᠤᠨᠴᠠ ᠲᠦᠷᠦᠯ ᠤᠨ ᠴᠢᠨᠠᠷ ᠮᠠᠭᠤᠳᠠᠢ ᠭᠠᠵᠠᠷ ᠬᠦᠷᠦᠰᠦ᠃      ᠵᠣᠷᠢᠭᠤᠳᠠ ᠬᠤᠬᠢᠷᠠᠯ ᠤᠴᠠᠷᠠᠭᠤᠯᠤᠭᠰᠠᠨ᠃ ᠡᠪᠳᠡᠯᠡᠭᠡ ᠶᠢᠨ ᠴᠢᠨᠠᠷᠲᠠᠶ ᠵᠠᠰᠠᠵᠤ ᠴᠢᠮᠡᠭᠰᠡᠨ᠂ ᠠᠷᠠᠴᠢᠯᠠᠯᠳᠠ ᠬᠠᠮᠠᠭᠠᠯᠠᠯᠳᠠ ᠳᠤᠲᠠᠭᠤ᠂ ᠬᠡᠷᠡᠭᠯᠡᠭᠰᠡᠨ ᠨᠢ ᠵᠣᠬᠢᠰ ᠦᠭᠡᠶ᠂ ᠭᠠᠳᠠᠭᠠᠳᠤ ᠣᠷᠴᠢᠨ ᠤ ᠨᠥᠯᠥᠭᠡ ︵ᠵᠢᠱᠢᠶᠡᠯᠡᠪᠡᠯ ᠡᠷᠭᠢᠨ ᠲᠣᠭᠤᠷᠢᠨ ᠤ ᠣᠷᠴᠢᠨ ᠲᠣᠭᠤᠷᠢᠨ ᠤ ᠲᠡᠯᠪᠡᠴᠢᠯᠳᠡ᠂ ᠰᠠᠭᠤᠷᠢ ᠭᠠᠵᠠᠷ᠂ ᠭᠠᠵᠠᠷ ᠳᠣᠤᠷᠠᠬᠢ ᠭᠡᠷ᠂ ᠵᠠᠮ ᠤᠨ ᠪᠠᠷᠢᠯᠭ᠎ᠠ ᠶᠢᠨ ᠠᠵᠢᠯ ᠵᠢᠴᠢ ᠲᠡᠷᠭᠡ ᠬᠥᠰᠬᠡ ᠮᠦᠷᠭᠦᠭᠰᠡᠨ︶ ᠵᠡᠷᠭᠡ ᠪᠣᠯᠤᠨ᠎ᠠ᠃       ᠪᠠᠶᠢᠭᠠᠯᠢ ᠶᠢᠨ ᠨᠥᠯᠥᠭᠡ᠃ ᠰᠠᠯᠬᠢ᠂ ᠬᠢᠷᠠᠭᠤ᠂ ᠪᠣᠷᠣᠭᠠᠨ᠂ ᠴᠠᠰᠤ ᠵᠡᠷᠭᠡ ᠶᠢᠨ ᠢᠳᠡᠭᠳᠡᠭᠦᠯᠦᠯ ᠵᠢᠴᠢ ᠪᠠᠶᠢᠭᠠᠯᠢ ᠶᠢᠨ ᠭᠠᠮᠰᠢᠭ ︵ᠤᠰᠤᠨ ᠭᠠᠮᠰᠢᠭ᠂ ᠭᠠᠯ ᠤᠨ ᠭᠠᠮᠰᠢᠭ᠂ ᠭᠠᠵᠠᠷ ᠬᠥᠳᠡᠯᠦᠯᠲᠡ᠂ ᠠᠶᠦᠩᠭ᠎ᠠ᠂ ᠲᠠᠶᠢᠹᠧᠩ ᠰᠠᠯᠬᠢ ᠵᠡᠷᠭᠡ︶ ᠤᠨ ᠨᠥᠯᠥᠭᠡ᠃      ᠪᠠᠷᠢᠯᠭ᠎ᠠ ᠨᠤᠷᠠᠵᠤ ᠶᠡᠭᠦᠷᠡᠬᠦ ᠰᠢᠨᠵᠢ ᠲᠡᠮᠳᠡᠭ      ᠰᠢᠨᠵᠢ ᠲᠡᠮᠳᠡᠭ 1᠄ ᠭᠠᠵᠠᠷ ᠤᠨ ᠭᠠᠳᠠᠷᠭᠤ ᠨᠢ ᠭᠡᠨᠡᠳᠲᠡ ᠪᠠᠷ ᠲᠤᠷᠤᠭᠰᠢ ᠴᠦᠮᠦᠷᠡᠬᠦ᠂ ᠭᠦᠳᠦᠶᠢᠬᠦ ᠪᠤᠶᠤ ᠠᠩ ᠴᠠᠪᠠ ᠨᠢ ᠤᠯᠠᠰᠢᠷᠠᠬᠤ᠃      ᠰᠢᠨᠵᠢ ᠲᠡᠮᠳᠡᠭ 2᠄ ᠬᠦᠨᠳᠦ ᠶᠢ ᠲᠠᠭᠠᠭᠠᠬᠤ ᠲᠤᠯᠭᠠᠭᠤᠷᠢ᠂ ᠨᠢᠷᠤᠭᠤ᠂ ᠬᠠᠪᠲᠠᠰᠤ ᠪᠤᠶᠤ ᠬᠡᠷᠡᠮ ᠤᠨ ᠭᠠᠳᠠᠷᠭᠤ ᠨᠢ ᠬᠦᠨᠳᠦ ᠨᠣᠴᠢᠲᠠᠢ ᠠᠩ ᠴᠠᠪᠠ ᠭᠠᠷᠴᠤ ᠴᠢᠨᠠᠭᠰᠢᠳᠠ ᠶᠡᠬᠡᠳᠡᠬᠦ᠃      ᠰᠢᠨᠵᠢ ᠲᠡᠮᠳᠡᠭ 3᠄ ᠬᠦᠨᠳᠦ ᠶᠢ ᠲᠠᠭᠠᠭᠠᠬᠤ ᠲᠤᠯᠭᠠᠭᠤᠷᠢ᠂ ᠨᠢᠷᠤᠭᠤ᠂ ᠬᠠᠪᠲᠠᠰᠤ ᠪᠤᠶᠤ ᠬᠡᠷᠡᠮ ᠤᠨ ᠭᠠᠳᠠᠷᠭᠤ ᠨᠢ ᠬᠡᠲᠦᠷᠬᠡᠢ ᠶᠡᠭᠡ ᠬᠤᠪᠢᠷᠠᠯᠳᠠ ᠭᠠᠷᠬᠤ᠂ ᠮᠣᠳᠣᠨ ᠪᠦᠳᠦᠴᠢᠳᠦ ᠲᠣᠨᠤᠭ ᠪᠤᠶᠤ ᠵᠠᠯᠭᠠᠰᠤ ᠶᠢᠨ ᠬᠡᠰᠡᠭ  ᠨᠢ ᠬᠦᠨᠳᠦ ᠨᠣᠴᠢᠲᠠᠢ ᠢᠯᠵᠠᠷᠠᠬᠤ ᠪᠤᠶᠤ ᠢᠳᠡᠭᠳᠡᠬᠦ᠃      ᠰᠢᠨᠵᠢ ᠲᠡᠮᠳᠡᠭ 4: ᠬᠡᠷᠡᠮ ᠤᠨ ᠭᠠᠳᠠᠷᠭᠤ ᠪᠤᠶᠤ ᠳᠡᠭᠡᠪᠦᠷ ᠤᠨ ᠥᠩᠭᠡᠨ ᠳᠠᠪᠬᠤᠷᠭ᠎ᠠ ᠨᠢ ᠭᠡᠨᠡᠳᠲᠡ ᠶᠡᠭᠡ ᠬᠡᠪᠴᠢᠶ᠎ᠡ ᠪᠠᠷ ᠬᠤᠪᠬᠤᠶᠢᠷᠠᠵᠤ ᠤᠨᠠᠬᠤ᠃ᠰᠢᠨᠵᠢ ᠲᠡᠮᠳᠡᠭ 5᠄ ᠭᠡᠷ ᠪᠠᠶᠢᠰᠢᠩ ᠨᠢ ᠭᠡᠨᠡᠳᠳᠡ ᠬᠡᠪ ᠤᠨ ᠪᠤᠰᠤ ᠳᠠᠭᠤᠨ ᠭᠠᠷᠬᠤ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1