︽ᠡᠷᠡᠭᠦᠯ ᠡᠩᠬᠡ ᠳᠤᠮᠳᠠᠳᠤ ᠤᠯᠤᠰ — ᠰᠠ ᠡᠪᠠᠳᠴᠢᠨ︾ ᠲᠣᠭᠲᠠᠬᠤ ᠰᠢᠶᠠᠨ ᠤ ᠲᠤᠷᠰᠢᠯᠲᠠ ᠶᠢᠨ ᠲᠣᠭᠤᠷᠢᠭ ᠤᠨ ᠡᠬᠢᠯᠡᠯᠲᠡ ᠶᠢᠨ ᠶᠣᠰᠣᠯᠠᠯ ᠰᠢᠶᠠᠨ ᠤ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/1
      8 ᠳ᠋ᠤᠭᠠᠷ ᠰᠠᠷ᠎ᠠ ᠶᠢᠨ 29 ᠤ ᠡᠳᠦᠷ᠂ ︽ᠡᠷᠡᠭᠦᠯ ᠡᠩᠬᠡ ᠳᠤᠮᠳᠠᠳᠤ ᠤᠯᠤᠰ — ᠰᠠ ᠡᠪᠠᠳᠴᠢᠨ︾  ᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠡᠷᠡᠭᠦᠯ ᠡᠩᠬᠡ ᠳᠤᠮᠳᠠᠳᠤ ᠤᠯᠤᠰ — ᠰᠠ ᠡᠪᠠᠳᠴᠢᠨ︾ ᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠶ  ᠬᠦᠷᠢᠶᠡᠯᠡᠵᠦ᠂ ᠣᠯᠠᠨ ᠨᠡᠶᠢᠲᠡ ᠶᠢᠨ ᠰᠠ ᠡᠪᠡᠳᠴᠢᠨ ᠤ ᠲᠤᠬᠠᠶ ᠲᠠᠨᠢᠯᠲᠠ ᠬᠢᠭᠡᠳ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠭᠤᠤᠯᠴᠢᠯᠠᠨ ᠡᠷᠭᠢᠯᠡᠵᠦ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠠᠴᠠ ᠬᠠᠮᠵᠢᠨ ᠡᠷᠭᠢᠯᠡᠭᠰᠡᠨ ︽ᠡᠷᠡᠭᠦᠯ ᠡᠩᠬᠡ ᠳᠤᠮᠳᠠᠳᠤ ᠤᠯᠤᠰ — ᠰᠠ ᠡᠪᠠᠳᠴᠢᠨ︾  ᠤ ᠲᠤᠬᠠᠢ ᠤᠬᠠᠭᠤᠯᠤᠨ ᠲᠠᠶᠢᠯᠪᠦᠷᠢᠯᠠᠬᠤ ᠠᠵᠢᠯᠯᠠᠭ᠎ᠠ ᠶᠢ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠡᠬᠢᠯᠡᠯᠲᠡ ᠶᠢᠨ ᠶᠣᠰᠣᠯᠠᠯ ᠢ  ᠶᠠᠪᠤᠭᠳᠠᠭᠤᠯᠪᠠ᠃      ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠶ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠫᠷᠤᠹᠧᠰᠰᠤᠷ ᠶᠠᠭᠤ ᠶᠢ ᠰᠠ ᠡᠪᠠᠳᠴᠢᠨ᠂ ᠬᠡᠷᠬᠢᠨ ᠢᠯᠭᠠᠨ ᠲᠠᠨᠢᠬᠤ᠂ ᠲᠠᠷᠢᠬᠢᠨ ᠤ ᠴᠢᠰᠤ ᠳᠤᠲᠠᠬᠤ ᠳᠤ ᠶᠠᠮᠠᠷ ᠠᠷᠭ᠎ᠠ ᠬᠡᠮᠵᠢᠶ᠎ᠡ ᠠᠪᠬᠤ᠂ ᠲᠦᠷᠭᠡᠨ ᠴᠢᠨᠠᠷᠲᠠᠶ ᠴᠢᠰᠤ ᠳᠤᠲᠠᠬᠤ ᠪᠠᠶᠢᠳᠠᠯ ᠳᠤ ᠶᠠᠮᠠᠷ ᠶᠠᠮᠠᠷ ᠡᠮᠨᠡᠨ ᠵᠠᠰᠠᠬᠤ ᠠᠷᠭ᠎ᠠ ᠪᠠᠶᠢᠬᠤ ᠵᠡᠷᠭᠡ ᠮᠡᠳᠡᠯᠭᠡ ᠪᠠᠷ ᠳᠠᠮᠵᠢᠭᠤᠯᠤᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠵᠢᠴᠢ ᠬᠤᠲᠠ ᠶᠢᠨ ᠠᠷᠠᠳ ᠤᠨ ᠢᠯᠭᠠᠨ ᠲᠠᠨᠢᠬᠤ ᠴᠢᠳᠠᠪᠤᠷᠢ ᠶᠢ ᠲᠡᠭᠡᠭᠰᠢᠯᠡᠭᠦᠯᠪᠡ᠃ ᠶᠣᠰᠣᠯᠠᠯ ᠳᠠᠭᠤᠰᠤᠭᠰᠠᠨ ᠤ ᠳᠠᠷᠠᠭ᠎ᠠ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ  ᠨᠡᠷ᠎ᠡ ᠬᠦᠨᠳᠦᠳᠦ ᠲᠤᠰᠬᠠᠶ ᠮᠡᠷᠭᠡᠵᠢᠯᠲᠡᠳ‌ᠢ ᠤᠷᠢᠵᠤ ᠡᠭᠦᠳᠡᠨ ᠡᠮᠨᠡᠯᠭᠡ ᠶᠢᠨ ᠶᠡᠭᠡ ᠲᠢᠩᠬᠢᠮ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠬᠢᠯᠭᠡᠵᠡᠶ᠃      2024 ᠣᠨ ᠤ 7 ᠳ᠋ᠤᠭᠠᠷ ᠰᠠᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠡᠮᠳᠡᠭ ᠢ ᠪᠠᠭᠠᠰᠬᠠᠬᠤ ᠢᠨᠵᠧᠨᠧᠷᠢᠩ ᠤᠨ ᠲᠤᠰᠬᠠᠶ ᠮᠡᠷᠭᠡᠵᠢᠯᠲᠡᠨ ᠤ ᠵᠥᠪᠯᠡᠯ᠂ ᠳᠤᠮᠳᠠᠳᠤ ᠤᠯᠤᠰ ᠤᠨ ᠰᠠ ᠡᠪᠠᠳᠴᠢᠨ ᠤ ᠲᠤᠰᠬᠠᠢ ᠮᠡᠷᠭᠡᠵᠢᠯ ᠤᠨ ᠬᠤᠯᠪᠣᠭ᠎ᠠ ᠶᠢᠨ 3 ᠡᠭᠡᠯᠵᠢ ᠶᠢᠨ ᠰᠢᠯᠭᠠᠷᠠᠭᠤᠯᠤᠯᠲᠠ ᠪᠠᠷ ᠳᠡᠮᠵᠢᠨ᠂ ᠲᠣᠭᠲᠠᠬᠤ ᠰᠢᠶᠠᠨ ᠢ 2024 ᠣᠨ ᠤ ︽ᠡᠷᠡᠭᠦᠯ ᠡᠩᠬᠡ ᠳᠤᠮᠳᠠᠳᠤ ᠤᠯᠤᠰ — ᠰᠠ ᠡᠪᠠᠳᠴᠢᠨ︾ ᠤ ᠠᠵᠢᠯᠯᠠᠭ᠎ᠠ ᠶᠢᠨ ᠲᠤᠷᠰᠢᠯᠲᠠ ᠶᠢᠨ  ᠴᠡᠭ ᠢᠶᠠᠷ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠢᠶᠠᠨ ᠤ ᠲᠡᠰ ᠤᠨ ᠬᠤᠲᠠ ᠳᠤ ᠰᠣᠩᠭᠤᠭᠳᠠᠪᠠ᠃  ᠮᠥᠨ ᠴᠦ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠨᠢ ᠣᠷᠣᠨ ᠪᠦᠰᠡ ᠶᠢᠨ ᠰᠠ ᠡᠪᠠᠳᠴᠢᠨ ᠲᠠᠨᠢᠬᠤ ᠪᠠ ᠵᠠᠰᠠᠬᠤ ᠠᠵᠢᠯᠯᠠᠭ᠎ᠠ ᠶᠢᠨ  ᠤᠷᠢᠳᠴᠢᠯᠠᠨ ᠬᠢᠬᠦ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ ᠰᠠ ᠡᠪᠡᠳᠴᠢᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠬᠢᠴᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃    ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠨᠢ ᠲᠤᠰ ᠤᠳᠠᠭ᠎ᠠ ᠶᠢᠨ ᠡᠬᠢᠯᠡᠯᠲᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠠ ᠡᠪᠡᠳᠴᠢᠲᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠭᠪᠤᠷ‌ᠢ ᠴᠢᠨᠠᠭᠰᠢᠳᠠ ᠰᠠᠶᠢᠵᠢᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠠ ᠡᠪᠡᠳᠴᠢᠨ ᠢ ᠢᠯᠭᠠᠨ ᠲᠠᠨᠢᠬᠤ ᠵᠢᠴᠢ ᠰᠡᠷᠭᠡᠶᠢᠯᠡᠬᠦ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠵᠡᠮᠳᠡᠭᠴᠦᠳ ᠢ ᠵᠠᠭᠤᠨ  ᠲᠦᠮᠡ ᠪᠠᠭᠠᠰᠬᠠᠬᠤ ᠢᠨᠵᠧᠨᠧᠷᠢᠩ ᠳᠤ ᠬᠦᠴᠦᠨ ᠨᠡᠮᠡᠷᠢᠯᠡᠵᠦ ᠂ ᠡᠷᠡᠭᠦᠯ ᠴᠢᠭᠢᠷᠠᠭ ᠲᠣᠭᠲᠠᠬᠤ ᠰᠢᠶᠠᠨ ᠤ ᠪᠦᠳᠦᠭᠡᠨ ᠪᠠᠶᠢᠭᠤᠯᠤᠯᠲᠠ‌‍ᠶᠢ ᠠᠬᠢᠭᠤᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1