︽ᠵᠠᠭᠤᠨ ᠡᠮᠡᠭᠲᠡᠶ ᠬᠠᠤᠯᠢᠴᠢ ᠵᠠᠭᠤᠨ ᠲᠠᠯᠠᠪᠤᠷ ᠲᠤ ᠬᠠᠤᠯᠢ ᠪᠠᠷ ᠵᠠᠰᠠᠬᠤ ᠨᠡᠶᠢᠲᠡ ᠶᠢᠨ ᠠᠰᠠᠷᠠᠮᠵᠢ ᠶᠢᠨ ᠲᠣᠭᠤᠷᠢᠨ ᠲᠠᠶᠢᠯᠪᠤᠷᠢᠯᠠᠬᠤ︾ ᠠᠵᠢᠯᠯᠠᠭ᠎ᠠ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ ᠲᠤ  ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/1
       ᠦᠨᠳᠦᠰᠦᠨ ᠱᠠᠲᠤᠨ ᠤ ᠡᠮᠡᠭᠲᠡᠶᠢᠴᠦᠳ ᠬᠡᠦᠬᠡᠳ ᠪᠠ ᠭᠡᠷ ᠪᠦᠯᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ᠂ ᠬᠠᠤᠯᠢ ᠪᠠᠷ ᠵᠠᠰᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 27 ᠤ ᠡᠳᠦᠷ᠂ ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠠᠴᠠ ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ ᠲᠤ ᠬᠦᠷᠴᠦ ︽ᠵᠠᠭᠤᠨ ᠡᠮᠡᠭᠲᠡᠶ ᠬᠠᠤᠯᠢᠴᠢᠨ ᠬᠠᠤᠯᠢ ᠪᠠᠷ ᠵᠠᠰᠠᠬᠤ ᠨᠡᠶᠢᠲᠡ ᠶᠢᠨ ᠠᠰᠠᠷᠠᠮᠵᠢ ᠶᠢᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ︾ ᠶᠢ ᠥᠷᠨᠢᠭᠦᠯᠵᠦ᠂ 40 ᠭᠠᠷᠤᠶ ᠪᠠᠯᠭᠠᠰᠤ ᠪᠠ ᠲᠣᠰᠬᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠺᠠᠳ᠋ᠷ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠳᠤ᠂ ᠥᠪᠥᠷ ᠮᠣᠩᠭᠤᠯ ᠤᠨ ᠱᠠᠩᠳᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠵᠠᠩ ᠷᠦᠢ ᠮᠢᠨ ᠬᠠᠤᠯᠢᠴᠢ ᠶᠢ ᠲᠤᠰᠬᠠᠶᠢᠯᠠᠨ ᠤᠷᠢᠵᠤ ᠤᠯᠠᠨ ᠳᠤ ᠬᠢᠴᠢᠶᠡᠯ ᠣᠷᠣᠭᠤᠯᠪᠠ᠃ ᠵᠠᠩ ᠬᠠᠤᠯᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢᠨ ᠲᠣᠭᠤᠷᠢᠨ ᠳᠤ  ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠪᠣᠳᠠᠲᠠᠶ ᠠᠮᠢᠳᠤᠷᠠᠯ ᠤᠨ ᠳᠤᠮᠳᠠ ᠡᠮᠡᠭᠲᠡᠶᠢᠴᠦᠳ ᠤᠨ ᠠᠮᠠᠷᠬᠠᠨ ᠲᠣᠬᠢᠶᠠᠯᠳᠤᠬᠤ ᠡᠷᠬᠡ ᠳᠤ ᠬᠠᠯᠳᠠᠭᠰᠠᠨ ᠬᠡᠷᠡᠭ ᠤᠨ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠡᠷ᠎ᠡ ᠡᠮ᠎ᠡ ᠬᠤᠶᠠᠭᠤᠯᠠ ᠶᠢᠨ ᠬᠤᠶᠠᠷ ᠲᠠᠯ᠎ᠠ ᠶᠢᠨ ᠡᠷᠬᠡ ᠠᠰᠢᠭ ᠪᠠ ᠡᠭᠦᠷᠭᠡ᠂ ᠬᠡᠷ ᠪᠦᠯᠢ ᠶᠢᠨ ᠡᠳ᠋ ᠬᠥᠷᠥᠩᠭᠡ ᠪᠠ ᠬᠠᠮᠲᠤ ᠶᠢᠨ ᠥᠷᠢ ᠥᠭᠴᠡᠭᠡ᠂ ᠬᠡᠷ ᠪᠠᠶᠢᠰᠢᠩ ᠢ ᠮᠠᠭᠠᠳᠯᠠᠨ ᠲᠣᠭᠲᠠᠭᠠᠬᠤ᠂ ᠦᠷ᠎ᠡ ᠬᠡᠤᠬᠡᠳ ᠢᠶᠠᠨ ᠠᠰᠠᠷᠠᠨ ᠲᠡᠵᠢᠭᠡᠬᠦ᠂ ᠤᠷᠤᠭ ᠰᠠᠯᠬᠤ ᠬᠡᠯᠪᠡᠷᠢ ᠵᠡᠷᠭᠡ ᠡᠮᠡᠭᠲᠡᠶᠢᠴᠦᠳ ᠤᠨ ᠡᠷᠬᠡ ᠠᠰᠢᠭ ᠲᠤ ᠬᠤᠯᠪᠣᠭᠳᠠᠬᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠤᠨ ᠠᠰᠠᠭᠤᠳᠠᠯ ᠢ ᠨᠠᠷᠢᠨ ᠲᠠᠶᠢᠯᠪᠤᠷᠢᠯᠠᠵᠤ᠂ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠳ᠋ ᠬᠥᠷᠥᠩᠭᠡ ᠶᠢ ᠮᠠᠭᠠᠳᠯᠠᠨ ᠲᠣᠭᠲᠠᠭᠠᠬᠤ ᠠᠰᠠᠭᠤᠳᠠᠯ ᠵᠢᠴᠢ ᠤᠷᠤᠭᠯᠠᠬᠤ ᠠᠴᠠ ᠡᠮᠦᠨᠡᠬᠢ ᠡᠳ᠋ ᠬᠥᠷᠥᠩᠭᠡ ᠶᠢ ᠰᠠᠯᠭᠠᠬᠤ᠂ ᠬᠡᠷ ᠪᠦᠯᠢ ᠶᠢᠨ ᠬᠦᠴᠦᠷᠬᠡᠭᠯᠡᠯ ᠤᠨ ᠭᠡᠷᠡᠴᠢ ᠶᠢ ᠴᠤᠭᠯᠠᠭᠤᠯᠬᠤ ᠳᠤ ᠭᠤᠤᠯᠳᠠᠯᠭ᠎ᠠ ᠲᠠᠢ ᠲᠠᠶᠢᠯᠤᠮᠵᠢ ᠬᠢᠵᠦ᠂ ᠥᠷᠭᠡᠨ ᠣᠯᠠᠨ ᠡᠮᠡᠭᠲᠡᠶ ᠨᠥᠬᠦᠷ ᠤᠨ ᠬᠠᠤᠯᠢ ᠴᠠᠭᠠᠵᠠ ᠶᠢᠨ ᠵᠡᠪᠰᠡᠭ ᠢᠶᠠᠷ ᠬᠤᠪᠢ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠦᠷᠭᠦᠯᠵᠢᠯᠡᠨ ᠦᠨᠳᠦᠰᠦᠨ ᠱᠠᠲᠤᠨ ᠳᠤ ᠬᠦᠷᠴᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠪᠠᠲᠤᠯᠠᠭ᠎ᠠ ᠶᠢᠨ ᠲᠣᠭᠤᠷᠢᠨ ᠳᠤ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ ᠪᠠᠷ ᠤᠬᠠᠭᠤᠯᠤᠨ ᠲᠠᠶᠢᠯᠪᠤᠷᠢᠯᠠᠵᠤ᠂ ᠡᠮᠡᠭᠲᠡᠶᠢᠴᠦᠳ ᠤᠯᠠᠨ ᠲᠦᠮᠡᠨ ᠤ ᠬᠠᠤᠯᠢ ᠶᠢ ᠮᠡᠳᠡᠵᠦ ᠬᠠᠤᠯᠢ ᠶᠢ ᠰᠤᠷᠴᠤ ᠬᠠᠤᠯᠢ ᠶᠢ ᠬᠡᠷᠡᠭᠯᠡᠵᠦ ᠬᠠᠤᠯᠢ ᠶᠢ ᠬᠡᠷᠡᠭᠯᠡᠬᠦ ᠶᠢ ᠬᠦᠳᠦᠯᠦᠨ ᠵᠢᠯᠣᠭᠤᠳᠴᠤ᠂ ᠡᠮᠡᠭᠲᠡᠶᠢᠴᠦᠳ ᠤᠨ ᠤᠯᠠᠨ ᠲᠦᠮᠡᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠪᠣᠯᠤᠨ ᠡᠮᠡᠭᠲᠡᠶᠢᠴᠦᠳ ᠤᠨ ᠬᠤᠯᠪᠤᠭ᠎ᠠ ᠶᠢᠨ ᠺᠠᠳ᠋ᠷᠴᠤᠳ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠭᠡᠷ ᠪᠦᠯᠢ ᠶᠢᠨ ᠡᠶ᠎ᠡ ᠵᠣᠬᠢᠴᠠᠯ ᠪᠣᠯᠤᠨ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠬᠤ ᠪᠣᠯᠤᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1