ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠠᠵᠦ ᠦᠢᠯᠡᠳᠪᠦᠷᠢ ᠶᠢᠨ ᠬᠦᠷᠢᠶᠡᠯᠡᠩ ᠤᠨ ᠬᠠᠤᠯᠢ ᠴᠠᠭᠠᠵᠠ ᠶᠢᠨ ᠭᠠᠵᠠᠷ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠠᠬᠢ ᠨᠡᠶᠢᠭᠡᠮ ᠲᠣᠭᠤᠷᠢᠭ ᠤᠨ ᠬᠠᠮᠢᠶᠠᠷᠤᠯᠳᠠ ᠲᠠᠢ ᠡᠲᠡᠭᠡᠳ ᠢ ᠲᠥᠪᠯᠡᠷᠡᠭᠦᠯᠦᠨ ᠬᠥᠮᠦᠵᠢᠭᠦᠯᠬᠦ ᠪᠠ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/10
      ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠳᠤ᠂ ᠨᠡᠶᠢᠭᠡᠮ ᠲᠣᠭᠤᠷᠢᠭ ᠤᠨ ᠬᠠᠮᠢᠶᠠᠷᠤᠯᠳᠠ ᠶᠢ  ᠪᠠᠲᠤᠯᠠᠬᠤ ᠶᠢᠨ ᠬᠠᠮᠲᠤ ᠨᠡᠶᠢᠭᠡᠮ ᠲᠣᠭᠤᠷᠢᠭ ᠤᠨ ᠬᠠᠮᠢᠶᠠᠷᠤᠯᠳᠠ ᠶᠢᠨ ᠡᠲᠡᠭᠡᠳ ᠤᠨ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠳᠡᠨ ᠤ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ 9 ᠳ᠋ᠤᠭᠡᠷ ᠰᠠᠷ᠎ᠠ ᠶᠢᠨ 9 ᠤ ᠡᠳᠦᠷ᠂ ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠠᠵᠦ ᠦᠢᠯᠡᠳᠪᠦᠷᠢ ᠶᠢᠨ ᠬᠦᠷᠢᠶᠡᠯᠡᠩ ᠤᠨ ᠬᠠᠤᠯᠢ ᠴᠠᠭᠠᠵᠠ ᠶᠢᠨ ᠭᠠᠵᠠᠷ ᠨᠢ ᠨᠡᠶᠢᠭᠡᠮ ᠲᠣᠭᠤᠷᠢᠭ ᠤᠨ ᠬᠠᠮᠢᠶᠠᠷᠤᠯᠳᠠ ᠶᠢᠨ ᠡᠲᠡᠭᠡᠳ ᠲᠤ ᠴᠢᠭᠯᠡᠭᠦᠯᠦᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠠᠴᠠ ᠡᠮᠦᠨᠡᠬᠢ ᠲᠥᠪᠯᠡᠷᠡᠭᠦᠯᠦᠨ ᠬᠥᠮᠦᠵᠢᠭᠦᠯᠬᠦ ᠪᠠ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃       ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠵᠦ᠂ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠨ᠎ᠠ᠃ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠨᠡᠶᠢᠭᠡᠮ ᠲᠣᠭᠤᠷᠢᠭ ᠤᠨ ᠬᠠᠮᠢᠶᠠᠷᠤᠯᠳᠠ  ᠶᠢᠨ ᠡᠲᠡᠭᠡᠳ ᠢ ᠵᠣᠬᠢᠶᠠᠨ ᠪᠠᠶᠢᠭᠤᠯᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ ᠶᠢ ᠬᠡᠷᠡᠭᠵᠢᠭᠦᠯᠬᠦ ᠠᠷᠭ᠎ᠠ︾᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠲᠠᠯ᠎ᠠ ᠶᠢᠨ ᠮᠡᠳᠡᠯᠭᠡ ᠶᠢ ᠲᠥᠪᠯᠡᠷᠡᠭᠦᠯᠦᠨ ᠰᠤᠷᠤᠯᠴᠠᠭᠤᠯᠵᠤ᠂ ᠬᠠᠮᠢᠶᠠᠷᠤᠯᠳᠠ  ᠶᠢᠨ ᠡᠲᠡᠭᠡᠳ ᠤᠨ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃       ᠪᠠᠶᠠᠷ ᠤᠨ ᠡᠳᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠨᠡᠶᠢᠭᠡᠮ ᠲᠣᠭᠤᠷᠢᠭ ᠤᠨ ᠬᠠᠮᠢᠶᠠᠷᠤᠯᠳᠠ  ᠶᠢᠨ ᠡᠲᠡᠭᠡᠳ ᠢ ᠡᠷᠦᠬᠡ ᠳᠤ ᠬᠦᠷᠴᠦ ᠰᠤᠷᠪᠤᠯᠵᠢᠯᠠᠵᠤ᠂ ᠨᠡᠶᠢᠭᠡᠮ ᠲᠣᠭᠤᠷᠢᠭ ᠤᠨ ᠬᠠᠮᠢᠶᠠᠷᠤᠯᠳᠠ  ᠶᠢᠨ ᠡᠲᠡᠭᠡᠳ ᠵᠢᠴᠢ ᠲᠡᠳᠡᠨ ᠤ ᠭᠡᠷ ᠤᠨ ᠬᠥᠮᠦᠰ ᠠᠴᠠ ᠨᠡᠶᠢᠭᠡᠮ ᠲᠣᠭᠤᠷᠢᠭ ᠤᠨ ᠬᠠᠮᠢᠶᠠᠷᠤᠯᠳᠠ ᠶᠢᠨ ᠬᠠᠮᠢᠶ᠎ᠠ ᠪᠦᠬᠦᠢ ᠳᠦᠷᠢᠮ᠂ ᠬᠠᠤᠯᠢ ᠴᠠᠭᠠᠵᠠ ᠶᠢᠨ ᠮᠡᠳᠡᠯᠭᠡ ᠶᠢ ᠳᠠᠬᠢᠨ ᠲᠣᠳᠣᠷᠬᠠᠶᠢᠯᠠᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ ᠨᠡᠶᠢᠭᠡᠮ ᠲᠣᠭᠤᠷᠢᠭ ᠤᠨ ᠬᠠᠮᠢᠶᠠᠷᠤᠯᠳᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠰᠠᠭᠤᠭ᠎ᠠ ᠭᠠᠵᠠᠷ ᠠᠴᠠ ᠪᠠᠨ ᠳᠤᠷ᠎ᠠ ᠪᠠᠷ ᠢᠶᠠᠨ ᠰᠠᠯᠵᠤ ᠪᠣᠯᠬᠤ ᠦᠭᠡᠶ᠂ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠬᠠᠤᠯᠢ ᠴᠠᠭᠠᠵᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠠᠭ ᠲᠤᠬᠠᠶ ᠳᠤᠨᠢ ᠬᠦᠯᠢᠶᠡᠬᠦ ᠳᠤ ᠳᠥᠭᠦᠮ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃       ᠪᠠᠶᠠᠷ ᠤᠨ ᠡᠳᠦᠷ ᠠᠴᠠ ᠡᠮᠦᠨ᠎ᠡ ︽ᠰᠤᠷᠪᠤᠯᠵᠢᠯᠠᠨ ᠬᠥᠮᠦᠵᠢᠭᠦᠯᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠠᠮᠢᠶᠠᠷᠤᠯᠳᠠ  ᠶᠢᠨ ᠡᠲᠡᠭᠡᠳ ᠤᠨ ᠵᠠᠯᠠᠷᠠᠭᠤᠯᠬᠤ ᠬᠤᠭᠤᠴᠠᠭᠠᠨ ᠳᠠᠬᠢ ᠦᠵᠡᠯ ᠰᠠᠨᠠᠭᠠᠨ ᠤ ᠲᠣᠭᠲᠠᠪᠤᠷᠢᠲᠤ ᠴᠢᠨᠠᠷ ᠢ ᠨᠡᠮᠡᠭᠳᠡᠭᠦᠯᠦᠭᠰᠡᠨ ᠪᠥᠭᠡᠳ ᠲᠡᠭᠦᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠶᠢᠰᠢᠳᠠ ᠶᠢᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠦᠷᠢᠶᠡᠯᠡᠩ ᠲᠣᠭᠤᠷᠢᠭ ᠤᠨ ᠬᠠᠤᠯᠢ ᠴᠠᠭᠠᠵᠠ ᠶᠢᠨ ᠰᠠᠯᠪᠣᠷᠢ ᠨᠢ ᠨᠡᠶᠢᠭᠡᠮ ᠲᠣᠭᠤᠷᠢᠭ ᠤᠨ ᠬᠠᠮᠢᠶᠠᠷᠤᠯᠳᠠ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1