9 ᠳ᠋ᠤᠭᠡᠷ ᠰᠠᠷ᠎ᠠ ᠶᠢᠨ 14 ᠤ ᠡᠳᠦᠷ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ | ᠪᠠᠶᠢᠭᠤᠯᠤᠭᠳᠠᠭᠰᠠᠨ 70 ᠵᠢᠯ ᠤᠨ ᠣᠶ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ | ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠵᠦ᠂ ᠡᠯ᠎ᠡ ᠡᠲᠡᠭᠡᠳ ᠤᠨ ᠰᠤᠷᠭᠠᠭᠤᠯᠢ ᠶᠢᠨ ᠨᠠᠶᠢᠵᠠ ᠨᠠᠷ ᠡᠬᠡ | ᠰᠤᠷᠭᠠᠭᠤᠯᠢ ᠳᠠᠭᠠᠨ ᠪᠠᠶᠠᠷ ᠬᠥᠷ ᠲᠠᠢ ᠴᠤᠭᠯᠠᠷᠠᠨ᠂ ᠰᠤᠷᠭᠠᠭᠤᠯᠢ ᠶᠢᠨ ᠨᠠᠶᠢᠵᠠ ᠨᠠᠷ ᠤᠨ ᠨᠠᠶᠢᠷ ᠰᠡᠳᠬᠢᠯᠭᠡ ᠶᠢ | ᠬᠠᠮᠲᠤ ᠪᠠᠷ ᠶᠠᠷᠢᠯᠴᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ | ᠡᠷᠢᠯᠬᠢᠯᠡᠪᠡ᠃ | ᠲᠣᠰ ᠤᠳᠠᠭᠠᠨ ᠤ ᠲᠤᠭᠳᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ 70 ᠵᠢᠯ ᠤᠨ ᠣᠶ ᠶᠢᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠠᠵᠢᠯᠯᠠᠭ᠎ᠠ ᠶᠢᠨ | ᠠᠭᠤᠯᠭ᠎ᠠ ᠨᠢ ᠪᠠᠶᠠᠯᠢᠭ᠂ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠠ | ᠰᠣᠶᠣᠯ ᠲᠠᠮᠢᠷ ᠤᠨ ᠣᠷᠳᠣᠨ ᠤ ᠲᠤᠤᠵᠠ ᠬᠠᠶᠢᠴᠢᠯᠠᠬᠤ ᠶᠢ ᠥᠷᠨᠢᠭᠦᠯᠦᠭᠰᠡᠨ ᠠᠴᠠ ᠭᠠᠳᠠᠨ᠎ᠠ ᠪᠠᠰᠠ ᠰᠤᠷᠭᠠᠭᠤᠯᠢ | ᠪᠠᠶᠢᠭᠤᠯᠤᠭᠳᠠᠭᠰᠠᠨ 70 ᠵᠢᠯ ᠤᠨ ᠣᠶ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠤᠷᠠᠨ ᠪᠢᠴᠢᠯᠭᠡ᠂ | ᠠᠬᠠᠮᠠᠳ ᠪᠠᠭᠰᠢ᠂ ᠠᠬᠠᠮᠠᠳ ᠰᠤᠷᠭᠠᠭᠤᠯᠢ ᠶᠢᠨ ᠨᠠᠶᠢᠵᠠ ᠨᠠᠷ ᠤᠨ ᠠᠭᠤᠯᠵᠠᠯᠲᠠ ᠶᠢᠨ ᠬᠤᠷᠠᠯ ᠵᠡᠷᠭᠡ ᠰᠢᠷᠢᠰ | ᠠᠵᠢᠯᠯᠠᠭ᠎ᠠ ᠶᠢ ᠥᠷᠨᠢᠭᠦᠯᠵᠦ᠂ ᠪᠠᠭᠰᠢ ᠰᠤᠷᠤᠭᠴᠢᠳ ᠤᠨ ᠰᠡᠳᠬᠢᠯᠭᠡ ᠶᠢᠨ ᠬᠤᠯᠪᠣᠭᠠᠰᠤ ᠪᠠ ᠠᠵᠢᠯᠯᠠᠭᠠᠨ ᠤ | ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ | ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ 1954 ᠣᠨ ᠳᠤ ᠪᠠᠶᠢᠭᠤᠯᠤᠭᠳᠠᠵᠤ᠂ 2007 | ᠣᠨ ᠳᠤ ᠰᠢᠨ᠎ᠡ ᠰᠤᠷᠭᠠᠭᠤᠯᠢ ᠶᠢᠨ ᠪᠠᠶᠢᠷᠢ ᠳᠤ ᠨᠡᠭᠦᠨ ᠣᠷᠣᠵᠤ᠂ 2009 ᠣᠨ ᠳᠤ ᠬᠥᠬᠡᠬᠤᠲᠠ ᠶᠢᠨ ᠰᠢᠯᠢᠳᠡᠭ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠᠷ ᠦᠨᠡᠯᠡᠭᠳᠡᠵᠦ᠂ 2013 ᠣᠨ ᠳᠤ ᠬᠥᠬᠡᠬᠤᠲᠠ ᠶᠢᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ | 2017 ᠣᠨ ᠳᠤ ᠵᠢᠱᠢᠶ᠎ᠡ ᠦᠵᠡᠭᠦᠯᠬᠦ ᠴᠢᠨᠠᠷᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠮᠡᠴᠡᠬᠦ | ᠬᠠᠷᠠᠯᠲᠠ ᠶᠢ ᠲᠣᠳᠣᠷᠬᠠᠶᠢᠯᠠᠵᠤ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠰᠤᠷᠭᠠᠭᠤᠯᠢ ᠶᠢᠨ ᠬᠦᠷᠢᠶ᠎ᠡ ᠪᠠᠷ ᠦᠨᠡᠯᠡᠭᠳᠡᠵᠦ᠂ 2022 ᠣᠨ ᠳᠤ ᠰᠢᠨ᠎ᠡ ᠬᠢᠴᠢᠶᠡᠯ ᠢ ᠲᠡᠰ ᠬᠤᠪᠢᠶᠠᠨ ᠬᠢᠴᠢᠶᠡᠯ | ᠰᠣᠩᠭᠤᠬᠤ ᠵᠢᠭᠠᠨ ᠰᠤᠷᠭᠠᠯᠲᠠ ᠶᠢ ᠡᠬᠢᠯᠡᠭᠦᠯᠵᠦ᠂ 2023 ᠣᠨ ᠳᠤ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠵᠦ᠂ ᠰᠤᠷᠭᠠᠭᠤᠯᠢ | ᠡᠷᠬᠢᠯᠡᠬᠦ ᠶᠡᠷᠦᠩᠬᠡᠶᠢᠯᠡᠭᠰᠡᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ | ︽ᠡᠬᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠤᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠠᠵᠢᠯᠯᠠᠭ᠎ᠠ ᠳᠤ ᠵᠣᠯ ᠢᠶᠠᠷ ᠣᠷᠣᠯᠴᠠᠪᠠ᠂ 1974 | ᠣᠨ ᠤ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠲᠡᠭᠦᠰᠬᠦ ᠰᠤᠷᠤᠭᠴᠢ ᠪᠣᠯᠤᠭᠰᠠᠨ ᠤ ᠬᠤᠪᠢ ᠳᠤ᠂ ᠡᠨᠡ | ᠦᠶ᠎ᠡ ᠳᠤ ᠡᠬᠡ ᠰᠤᠷᠭᠠᠭᠤᠯᠢ ᠲᠠᠢ ᠪᠠᠨ ᠦᠪᠡᠳᠡᠭᠰᠢ ᠶᠡᠭᠡ ᠦᠢᠯᠡᠰ ᠢ ᠬᠠᠮᠲᠤᠪᠠᠷ ᠪᠦᠲᠦᠭᠡᠵᠦ ᠴᠢᠳᠠᠭᠰᠠᠨ ᠳᠠᠭᠠᠨ | ᠪᠢ ᠲᠤᠶᠢᠯ ᠢᠶᠠᠷ ᠪᠠᠶᠠᠷᠯᠠᠵᠤ ᠪᠠᠶᠢᠨ᠎ᠠ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠬᠥᠬᠡᠬᠤᠲᠠ | ᠴᠢᠨᠠᠭᠰᠢᠯᠠᠪᠠᠯ ᠨᠡᠩ ᠥᠷᠭᠡᠨ ᠠᠭᠤᠳᠠᠮ ᠭᠠᠵᠠᠷ ᠣᠷᠣᠨ ᠳᠤ ᠶᠡᠷᠦ ᠨᠢ ᠮᠠᠰᠢ ᠥᠨᠳᠥᠷ ᠨᠡᠷ᠎ᠡ ᠬᠦᠨᠳᠦ ᠲᠠᠢ ᠪᠠᠶᠢᠵᠤ᠂ | ᠨᠢᠭᠡᠨ ᠮᠠᠰᠢ ᠰᠢᠯᠢᠳᠡᠭ ᠰᠤᠷᠭᠠᠭᠤᠯᠢ ᠪᠠᠶᠢᠭᠰᠠᠨ ᠶᠤᠮ᠂ ᠮᠢᠨᠤ ᠥᠰᠴᠦ ᠪᠣᠶᠢᠵᠢᠭᠰᠠᠨ ᠶᠠᠪᠤᠴᠠ ᠳᠤ ᠡᠬᠡ | ᠰᠤᠷᠭᠠᠭᠤᠯᠢ ᠶᠢᠨ ᠬᠥᠮᠦᠵᠢᠯ ᠪᠠ ᠪᠠᠭᠰᠢ ᠨᠠᠷ ᠤᠨ ᠰᠤᠷᠭᠠᠯ ᠨᠢ ᠲᠤᠶᠢᠯ ᠤᠨ ᠴᠢᠬᠤᠯᠠ ᠦᠢᠯᠡᠳᠦᠯ ᠦᠵᠡᠭᠦᠯᠦᠭᠰᠡᠨ | ᠶᠤᠮ᠃ ᠡᠬᠡ ᠰᠤᠷᠭᠠᠭᠤᠯᠢ ᠨᠢ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠤᠨ ᠳᠣᠣᠷ᠎ᠠ ᠰᠤᠷᠭᠠᠨ ᠬᠥᠮᠦᠵᠢᠯ ᠢᠶᠠᠷ | ᠤᠯᠤᠰ ᠢᠶᠠᠨ ᠮᠠᠨᠳᠤᠭᠤᠯᠬᠤ᠂ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠴᠢᠬᠤᠯᠠ ᠦᠢᠯᠡᠳᠦᠯ | ᠢᠶᠠᠨ ᠦᠷᠭᠦᠯᠵᠢᠯᠡᠨ ᠪᠠᠳᠠᠷᠠᠭᠤᠯᠵᠤ᠂ ᠨᠡᠩ ᠣᠯᠠᠨ ᠰᠢᠯᠭᠠᠷᠠᠭᠰᠠᠨ ᠴᠢᠳᠠᠪᠤᠷᠢᠲᠠᠨ ᠢ ᠬᠥᠮᠥᠵᠢᠭᠦᠯᠦᠨ ᠭᠠᠷᠭᠠᠵᠤ᠂ | ᠨᠡᠩ ᠭᠡᠷᠡᠯ ᠰᠠᠴᠤᠷᠠᠩᠭᠤᠢ ᠠᠮᠵᠢᠯᠲᠠ ᠣᠯᠬᠤ ᠶᠢ ᠪᠢ ᠴᠢᠩ ᠰᠡᠳᠬᠢᠯ ᠠᠴᠠ ᠪᠠᠨ ᠢᠷᠦᠭᠡᠵᠦ ᠪᠠᠶᠢᠨ᠎ᠠ︾ ᠭᠡᠵᠦ | ᠰᠤᠷᠭᠠᠭᠤᠯᠢ ᠶᠢᠨ ᠨᠠᠶᠢᠵᠠ ᠦ᠋ ᠵᠢᠶᠠᠨ ᠵᠢᠶᠦ᠋ᠨ ᠰᠤᠷᠪᠤᠯᠵᠢᠯᠠᠭᠴᠢ ᠳᠤ ᠬᠡᠯᠡᠵᠡᠢ᠃ | ᠢᠷᠡᠭᠡᠳᠦᠢ ᠳᠤ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠦᠷᠭᠦᠯᠵᠢᠯᠡᠨ ᠶᠣᠰᠣ | ᠰᠤᠷᠲᠠᠬᠤᠨ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠤᠪᠢᠰᠬᠠᠯ ᠤᠨ ᠴᠢᠰᠤᠨ ᠰᠤᠳᠠᠰᠤ ᠶᠢ | ᠦᠷᠭᠦᠯᠵᠢᠯᠡᠭᠦᠯᠵᠦ᠂ ᠨᠡᠩ ᠪᠠᠲᠤ ᠪᠠᠬᠢ ᠰᠠᠭᠤᠷᠢ ᠶᠢ ︽ᠭᠤᠷᠪᠠᠨ ᠰᠢᠨ᠎ᠡ︾ ᠶᠢᠨ ᠠᠬᠤᠢ ᠪᠠᠶᠢᠳᠠᠯ ᠳᠣᠣᠷᠠᠬᠢ | ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠲᠥᠪᠯᠡᠷᠡᠭᠦᠯᠵᠦ᠂ ᠰᠤᠷᠤᠭᠴᠢᠳ ᠤᠨ ᠰᠤᠷᠤᠯᠴᠠᠬᠤ ᠠᠷᠭ᠎ᠠ | ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠰᠤᠷᠤᠭᠴᠢᠳ ᠤᠨ ᠳᠠᠯᠳᠠ ᠴᠢᠳᠠᠪᠤᠷᠢ ᠶᠢ ᠬᠥᠭᠵᠢᠭᠡᠵᠦ᠂ | ᠰᠤᠷᠤᠭᠴᠢᠳ ᠤᠨ ᠦᠰᠦᠨ ᠪᠤᠶᠢᠵᠢᠯᠲᠠ ᠶᠢ ᠲᠤᠯᠭᠠᠭᠤᠷᠢᠯᠠᠵᠤ᠂ ᠰᠤᠷᠭᠠᠭᠤᠯᠢ ᠡᠷᠬᠢᠯᠡᠬᠦ ᠣᠨᠴᠠᠯᠢᠭ ᠢ ᠨᠡᠩ ᠢᠯᠡ | ᠲᠣᠳᠣ ᠪᠣᠯᠭᠠᠵᠤ᠂ ᠡᠩ ᠤᠨ ᠥᠨᠳᠥᠷ ᠳᠤᠮᠳᠠᠳᠤ ᠶᠢᠨ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ ᠢᠷᠠᠭᠤ ᠰᠠᠶᠢᠬᠠᠨ ᠠᠶᠠᠰ ᠢ ᠴᠢᠷᠮᠠᠶᠢᠨ ᠪᠢᠴᠢᠭᠯᠡᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |