ᠲᠣᠭᠲᠠᠬᠤ ᠰᠢᠶᠠᠨ᠄ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠨᠠᠢᠮᠠᠨ ᠰᠠᠷ᠎ᠠ  ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠪᠡ
ᠨᠡᠶᠢᠲᠡᠯᠡᠭᠰᠡᠨ ᠴᠠᠭ᠄
2024/9/18
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠡᠯ᠎ᠡ ᠡᠲᠡᠭᠡᠳ ᠤᠨ ᠬᠥᠮᠥᠰ ᠤᠨ ᠬᠤᠭᠤᠷᠣᠨᠳᠣᠬᠢ ᠰᠣᠯᠢᠯᠴᠠᠭ᠎ᠠ ᠪᠠ ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠣᠶᠢᠷ᠎ᠠ ᠳᠤ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢᠭᠡᠳᠦᠮᠡᠯ ᠹᠷᠣᠨᠲ ᠤᠨ ᠡᠯ᠎ᠡ ᠬᠤᠭᠤᠴᠠᠭᠠᠨ ᠤ ᠬᠥᠮᠥᠰ ᠢ ᠵᠣᠬᠢᠶᠠᠨ ᠪᠠᠶᠢᠭᠤᠯᠵᠤ᠂ ︽ᠳᠤᠮᠳᠠᠳᠤ   ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷᠯᠠᠨ ᠪᠡᠯᠭᠡᠯᠡᠶ᠎ᠡ︾ ᠠᠵᠢᠯᠯᠠᠭ᠎ᠠ   ᠶᠢ ᠥᠷᠨᠢᠭᠦᠯᠪᠡ᠃ ᠶᠧᠪᠡᠩ ᠬᠢᠬᠦ᠂ ᠳᠠᠭᠤᠤ ᠳᠠᠭᠤᠯᠠᠬᠤ᠂ ᠤᠷᠠᠨ ᠪᠢᠴᠢᠯᠭᠡ᠂ ᠤᠷᠠᠨ ᠵᠢᠷᠤᠭ᠂ ᠰᠢᠯᠦᠭ ᠳᠠᠭᠤᠯᠠᠯ ᠤᠨ ᠤᠷᠠᠨ ᠤᠩᠰᠢᠯᠭ᠎ᠠ ᠵᠡᠷᠭᠡ ᠶᠢ ᠪᠠᠭᠲᠠᠭᠠᠭᠰᠠᠨ ᠨᠢ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠡᠲᠡᠭᠡᠳ ᠤᠨ ᠣᠯᠠᠨ ᠬᠥᠮᠥᠰ ᠤᠨ ᠠᠩᠬᠠᠷᠤᠯ ᠢ ᠲᠠᠲᠠᠵᠤ᠂ ᠡᠨᠡᠬᠦ ᠤᠯᠠᠮᠵᠢᠯᠠᠯᠲᠤ ᠪᠠᠶᠠᠷ ᠤᠨ ᠡᠳᠦᠷ   ᠢ ᠬᠠᠮᠲᠤ ᠪᠠᠷ ᠪᠡᠯᠭᠡᠯᠡᠵᠡᠢ᠃
     ᠲᠣᠰ ᠤᠳᠠᠭᠠᠨ ᠤ ᠠᠵᠢᠯᠯᠠᠭ᠎ᠠ ᠨᠢ ᠨᠢᠭᠡᠳᠦᠮᠡᠯ ᠹᠷᠣᠨᠲ ᠤᠨ ᠠᠵᠢᠯ ᠤᠨ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠨᠢᠭᠡᠳᠦᠮᠡᠯ ᠹᠷᠣᠨᠲ ᠤᠨ ᠠᠵᠢᠯ ᠤᠨ ᠲᠠᠲᠠᠬᠤ ᠬᠦᠴᠦᠨ ᠪᠠ ᠤᠷᠢᠶᠠᠯᠠᠬᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠪᠠᠶᠢᠨ᠎ᠠ᠃ ᠪᠢᠳᠡ ︽ᠶᠡᠭᠡ ᠪᠦᠯᠬᠦᠮᠳᠡᠯ ᠶᠡᠭᠡ ᠬᠤᠯᠪᠣᠭᠠᠯᠠᠯ︾ ᠤᠨ ᠭᠤᠣᠯ ᠰᠡᠳᠦᠪ ᠢ ᠦᠷᠭᠦᠯᠵᠢᠯᠡᠨ ᠪᠠᠷᠢᠮᠲᠠᠯᠠᠵᠤ᠂ ᠠᠵᠢᠯ ᠤᠨ ᠰᠡᠳᠬᠢᠴᠡ ᠪᠠ ᠠᠷᠭ᠎ᠠ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠨᠡᠩ ᠡᠶ᠎ᠡ ᠵᠣᠬᠢᠴᠠᠯ ᠲᠠᠢ᠂ ᠪᠠᠭᠲᠠᠭᠠᠮᠵᠢᠲᠠᠢ᠂ ᠬᠠᠮᠲᠤ ᠪᠠᠷ ᠠᠰᠢᠭ ᠬᠥᠷᠳᠡᠬᠦ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠠᠶᠢᠭᠤᠯᠤᠨ᠎ᠠ᠃
ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1