9 ᠳ᠋ᠤᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠶᠠᠳᠤᠭᠠᠷ ᠬᠤᠭᠤᠴᠠᠭᠠᠨ ᠤ ᠡᠶ᠎ᠡ ᠵᠤᠬᠢᠴᠠᠯᠳᠦ ᠬᠥᠳᠡᠭᠡ ᠲᠣᠰᠬᠤᠨ ᠮᠠᠯᠴᠢᠨ ᠲᠠᠷᠢᠶᠠᠴᠢᠨ ᠤ ᠡᠷᠡᠭᠲᠡᠢ ᠶᠢᠨ | ᠰᠠᠭᠰᠤᠨ ᠪᠥᠮᠪᠦᠭᠡ ᠶᠢᠨ ᠤᠷᠤᠯᠳᠤᠭᠠᠨ ︵ᠲᠣᠰᠬᠤᠨ ᠤ BA︶ ᠤ ᠵᠠᠭᠤᠴᠢᠯᠠᠭᠤᠷ ᠤᠨ ᠮᠡᠳᠡᠭᠡ ᠨᠡᠪᠲᠡᠷᠡᠯᠴᠡᠬᠦ | ᠬᠤᠷᠠᠯ ᠬᠥᠬᠡᠬᠤᠲᠠ ᠳᠤ ᠶᠠᠪᠤᠭᠳᠠᠪᠠ᠂ ᠲᠣᠰ ᠤᠷᠤᠯᠳᠤᠭᠠᠨ 9 ᠳ᠋ᠤᠭᠡᠷ ᠰᠠᠷ᠎ᠠ ᠶᠢᠨ 20 ᠤ ᠡᠳᠦᠷ ᠠᠴᠠ 26 ᠤ | ᠡᠳᠦᠷ ᠪᠣᠯᠲᠠᠯ᠎ᠠ ᠬᠥᠬᠡᠬᠤᠲᠠ ᠶᠢᠨ ᠲᠣᠭᠲᠠᠬᠤ ᠰᠢᠶᠠᠨ ᠤ ᠰᠣᠶᠣᠯ ᠤᠨ ᠲᠠᠯᠠᠪᠠᠶ ᠳᠤ ᠶᠠᠪᠤᠭᠳᠠᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ | ᠣᠷᠳᠣᠨ ᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠲᠥᠪ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠲᠠᠬᠤ ᠰᠢᠶᠠᠨ ᠤ | ᠠᠷᠠᠳ ᠤᠨ ᠵᠠᠰᠠᠭ ᠤᠨ ᠣᠷᠳᠣᠨ ᠬᠠᠮᠲᠤᠪᠠᠷ ᠳᠠᠭᠠᠭᠠᠨ ᠡᠷᠬᠢᠯᠡᠨ᠎ᠡ᠃ ᠤᠷᠤᠯᠳᠤᠭᠠᠨ ᠳᠤ ᠥᠪᠥᠷ ᠮᠣᠩᠭᠤᠯ ᠤᠨ | ᠮᠠᠯᠵᠢᠬᠤ ᠲᠠᠷᠢᠶᠠᠯᠠᠬᠤ ᠣᠷᠣᠨ ᠠᠴᠠ ᠢᠷᠡᠭᠰᠡᠨ 11 ᠠᠩᠭᠢ ᠪᠣᠶ᠂ ᠡᠭᠦᠨ ᠳᠤ ᠳᠠᠭᠠᠭᠤᠯᠤᠭᠴᠢ᠂ ᠰᠤᠷᠭᠠᠭᠴᠢ ᠪᠠ | ᠲᠠᠮᠢᠷᠴᠢᠨ 170 ᠭᠠᠷᠤᠢ ᠬᠥᠮᠥᠨ ᠤᠷᠤᠯᠴᠠᠨ᠎ᠠ᠃ ᠤᠷᠤᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠴᠥᠮ | ᠥᠪᠥᠷ ᠮᠣᠩᠭᠤᠯ ᠤᠨ ᠡᠯ᠎ᠡ ᠠᠶᠢᠮᠠᠭ ᠬᠤᠳᠠ ᠶᠢᠨ ᠰᠢᠶᠠᠩ ᠪᠠᠯᠭᠠᠰᠤ ᠰᠤᠮᠤᠨ ᠤ ᠮᠠᠯᠴᠢᠨ ᠲᠠᠷᠢᠶᠠᠴᠢᠨ ᠪᠤᠯᠤᠨ᠎ᠠ᠃ | 11 ᠠᠩᠭᠢ ᠨᠢ ᠳᠤᠭᠤᠶᠢᠯᠠᠩ ᠤᠨ ᠳᠠᠩ ᠡᠭᠡᠯᠵᠢ ᠶᠢᠨ ᠤᠷᠤᠯᠳᠤᠭᠠᠨ ᠤ ᠳᠦᠷᠢᠮ ᠢᠶᠠᠷ ᠳᠤᠭᠤᠶᠢᠯᠠᠩ ᠤᠨ | ᠨᠡᠷᠡᠰ ᠤᠨ ᠳᠠᠷᠠᠭᠠᠯᠠᠯ ᠢ ᠲᠣᠭᠲᠠᠭᠠᠵᠤ᠂ ᠳᠠᠷᠠᠭ᠎ᠠ ᠨᠢ ᠰᠣᠯᠪᠢᠴᠠᠨ ᠤᠷᠤᠯᠳᠤᠵᠤ᠂ 1 ᠠᠴᠠ 8 ᠬᠥᠮᠥᠨ ᠤ ᠬᠠᠮᠤᠭ | ᠡᠴᠦᠰ ᠤᠨ ᠨᠡᠷᠡᠰ ᠤᠨ ᠵᠢᠭᠰᠠᠭᠠᠯᠲᠠ ᠶᠢ ᠲᠣᠭᠲᠠᠭᠠᠨ᠎ᠠ᠃ | ᠡᠶ᠎ᠡ ᠵᠤᠬᠢᠴᠠᠯᠳᠦ ᠬᠥᠳᠡᠭᠡ ᠲᠣᠰᠬᠤᠨ ᠤ ᠰᠠᠭᠰᠤᠨ ᠪᠥᠮᠪᠦᠭᠡ ᠶᠢᠨ ᠤᠷᠤᠯᠳᠤᠭᠠᠨ ︵ᠲᠣᠰᠬᠤᠨ ᠤ BA︶ | ᠪᠣᠯ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠡᠶ᠎ᠡ ᠵᠤᠬᠢᠴᠠᠯᠳᠦ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠪᠠᠶᠠᠯᠢᠭᠵᠢᠭᠤᠯᠤᠨ᠂ ᠬᠥᠳᠡᠭᠡ ᠲᠣᠰᠬᠤᠨ ᠤ ᠴᠤᠭ ᠰᠦᠯᠳᠡ ᠶᠢ ᠬᠥᠭᠵᠢᠭᠡᠵᠦ᠂ ᠮᠠᠯᠴᠢᠨ | ᠲᠠᠷᠢᠶᠠᠴᠢᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ | ᠡᠷᠭᠢᠯᠡᠭᠰᠡᠨ ᠤᠷᠤᠯᠳᠤᠭᠠᠨ ᠪᠣᠯᠣᠨ᠎ᠠ᠃ ᠤᠷᠤᠯᠳᠤᠭᠠᠨ ᠨᠢ ᠮᠠᠯᠴᠢᠨ ᠲᠠᠷᠢᠶᠠᠴᠢᠨ ᠤ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠪᠡᠶ᠎ᠡ ᠴᠢᠭᠢᠷᠠᠭᠵᠢᠭᠤᠯᠬᠤ ᠤᠬᠠᠮᠰᠠᠷ ᠢ ᠴᠢᠩᠭᠠᠳᠬᠠᠵᠤ | ᠂ ᠤᠯᠠᠨ ᠲᠦᠮᠡᠨᠴᠢ ᠴᠢᠨᠠᠷᠲᠠᠢ ᠪᠥᠭᠡᠳ ᠬᠥᠳᠡᠭᠡ ᠲᠣᠰᠬᠤᠨ ᠤ ᠰᠣᠨᠢᠷᠬᠠᠯᠲᠠᠢ ᠰᠠᠭᠰᠤᠨ ᠪᠥᠮᠪᠦᠭᠡ ᠶᠢᠨ | ᠤᠷᠤᠯᠳᠤᠭᠠᠨ ᠢ ᠡᠷᠬᠢᠯᠡᠬᠦ ᠪᠠᠷ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠴᠤᠭ | ᠵᠢᠪᠬᠤᠭ᠎ᠠ ᠶᠢ ᠲᠣᠪᠤᠶᠢᠯᠭᠠᠨ ᠢᠯᠡᠷᠡᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠢᠯᠡᠷᠡᠭᠦᠯᠵᠦ᠂ ᠬᠥᠳᠡᠭᠡ | ᠲᠣᠰᠬᠤᠨ ᠤ ᠬᠡᠪ ᠰᠤᠷᠲᠠᠯ ᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃ | ᠲᠣᠰ ᠤᠳᠠᠭᠠᠨ ᠤ ᠤᠷᠤᠯᠳᠤᠭᠠᠨ ᠳᠤ 9 ᠳ᠋ᠤᠭᠡᠷ ᠰᠠᠷ᠎ᠠ ᠶᠢᠨ 20 ᠤ ᠡᠳᠦᠷ᠂ 21 ᠤ ᠡᠳᠦᠷ᠂ 22 ᠤᠨ | ᠡᠳᠦᠷ ᠪᠠ 26 ᠤ ᠡᠳᠦᠷ 4 ᠤᠷᠤᠯᠳᠤᠭᠠᠨ ᠢ ᠭᠤᠣᠯᠳᠠᠯᠭ᠎ᠠ ᠲᠠᠢ ᠡᠷᠭᠢᠯᠡᠨ᠎ᠡ᠃ ᠲᠤᠬᠠᠢ ᠶᠢᠨ ᠦᠶ᠎ᠡ ᠳᠤ ᠤᠷᠠᠨ | ᠰᠠᠶᠢᠬᠠᠨ ᠤ ᠲᠣᠭᠯᠠᠯᠲᠠ᠂ ᠮᠠᠯᠴᠢᠨ ᠲᠠᠷᠢᠶᠠᠴᠢᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠪᠠ ᠬᠤᠸᠠᠷ | ᠫᠤᠤᠵᠢᠩ ᠤᠨ ᠲᠣᠭᠯᠠᠯᠲᠠ ᠵᠡᠷᠭᠡ ᠪᠠᠶᠠᠯᠢᠭ ᠰᠠᠶᠢᠬᠠᠨ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠬᠦ ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |