ᠥᠪᠥᠷ ᠮᠣᠩᠭᠤᠯ ︽ᠲᠤᠯᠠᠭᠠᠯᠭ᠎ᠠ ᠶᠢᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ᠲᠣᠭᠲᠠᠭᠰᠠᠨ ᠬᠤᠭᠤᠴᠠᠭᠠᠨ ᠳᠤ ᠢᠯᠴᠢ ᠬᠠᠩᠭᠠᠬᠤ ᠶᠢ ᠦᠨᠡᠨ ᠬᠦ ᠪᠠᠳᠤᠯᠠᠨ᠎ᠠ
ᠨᠡᠶᠢᠲᠡᠯᠡᠭᠰᠡᠨ ᠴᠠᠭ᠄
2024/9/18
       ᠤᠷᠴᠢᠮ᠂ ᠥᠪᠥᠷ ᠮᠣᠩᠭᠤᠯ ᠤᠨ ᠡᠯ᠎ᠡ ᠭᠠᠵᠠᠷ ᠤᠨ ︽ᠲᠤᠯᠠᠭᠠᠯᠭ᠎ᠠ ᠶᠢᠨ ᠢᠨᠵᠧᠨᠧᠷᠢᠩ︾ ᠴᠦ ᠰᠡᠭᠦᠯ ᠬᠤᠷᠢᠶᠠᠬᠤ ᠱᠠᠲᠤᠨ ᠳᠤ ᠣᠷᠣᠵᠤ᠂ ᠡᠯ᠎ᠡ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠶᠠᠭᠠᠷᠠᠯᠳᠤᠵᠦ᠂ ᠪᠠᠷᠢᠯᠭ᠎ᠠ ᠶᠢᠨ ᠠᠵᠢᠯᠲᠠᠳ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠶᠠᠰᠤ ᠴᠢᠨᠠᠷ ᠢ ᠪᠠᠲᠤᠯᠠᠵᠤ᠂ ᠠᠬᠢᠴᠠ ᠶᠢ ᠲᠦᠷᠭᠡᠳᠭᠡᠨ᠂ ︽ᠲᠤᠯᠠᠭᠠᠯᠭ᠎ᠠ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠲᠣᠭᠲᠠᠭᠰᠠᠨ ᠬᠤᠭᠤᠴᠠᠭᠠᠨ ᠳᠤ ᠢᠯᠴᠢ ᠬᠠᠩᠭᠠᠬᠤ ᠶᠢ ᠦᠨᠡᠨᠬᠦ ᠪᠠᠳᠤᠯᠠᠵᠦ ᠪᠠᠶᠢᠨ᠎ᠠ᠃      9 ᠳ᠋ᠤᠭᠡᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠷᠭᠦᠨ᠎ᠡ ᠬᠤᠲᠠ ᠶᠢᠨ ᠬᠤᠲᠠ ᠶᠢᠨ ᠰᠠᠭᠤᠷᠢ ᠪᠡᠯᠡᠳᠭᠡᠮᠵᠢ ᠶᠢᠨ ᠡᠵᠡᠩᠨᠡᠯᠲᠡ ᠶᠢᠨ ᠪᠦᠯᠦᠭᠯᠡᠯ ᠺᠣᠮᠫᠠᠨᠢ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠭᠤᠣᠯ ᠵᠤᠤᠬ᠎ᠠ ᠵᠢᠩᠬᠢᠨᠢ ᠪᠠᠷ ︽ᠠᠵᠢᠯ ᠢᠶᠠᠨ ᠰᠡᠷᠭᠦᠭᠡᠵᠦ ᠠᠵᠢᠯ ᠡᠬᠢᠯᠡᠭᠦᠯᠪᠡ︾᠃ ᠥᠪᠡᠷᠲᠡᠭᠡᠨ ᠵᠠᠰᠠᠬᠤ ᠣᠷᠣᠨ ᠤ ᠥᠷᠭᠡᠷᠢᠭ ᠢᠶᠠᠷ ᠬᠠᠮᠤᠭ ᠤᠨ ᠥᠨᠳᠥᠷ ᠰᠢᠶᠠᠨ ᠤ ᠲᠠᠰ ᠤᠨ ᠬᠤᠲᠠ ᠶᠢᠨ ᠨᠢᠭᠡ ᠪᠣᠯᠤᠭᠰᠠᠨ ᠡᠷᠭᠦᠨ᠎ᠡ ᠬᠤᠲᠠ ᠶᠢᠨ ᠳᠤᠯᠠᠭᠠᠯᠠᠭ᠎ᠠ ᠶᠢᠨ ᠬᠤᠭᠤᠴᠠᠭ᠎ᠠ ᠨᠢ 9 ᠰᠠᠷ᠎ᠠ ᠪᠣᠯᠣᠨ᠎ᠠ᠃ ᠢᠯᠴᠢ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ᠂ 2024 ᠣᠨ ᠳᠤ 3.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠳᠤᠯᠠᠭᠠᠯᠭ᠎ᠠ ᠶᠢᠨ ᠥᠭᠡᠷᠡᠴᠢᠯᠡᠯᠲᠡ ᠵᠡᠷᠭᠡ ᠲᠦᠷᠦᠯ ᠵᠦᠢᠯ ᠳᠤ ᠬᠡᠷᠡᠭᠯᠡᠵᠦ᠂ 17 ᠰᠠᠭᠤᠭᠠᠯᠢ ᠠᠷᠠᠳ ᠤᠨ ᠲᠣᠭᠤᠷᠢᠭ ᠲᠤ ᠠᠰᠢᠭ ᠬᠦᠷᠲᠡᠭᠡᠵᠡᠢ᠃      ᠡᠨᠡ ᠵᠢᠯ ᠬᠥᠯᠥᠨ ᠪᠤᠶᠢᠷ ᠬᠤᠲᠠ ᠶᠢᠨ ︽ᠲᠤᠯᠠᠭᠠᠯᠭ᠎ᠠ ᠶᠢᠨ ᠢᠨᠵᠧᠨᠧᠷᠢᠩ︾ ᠤᠨ ᠲᠥᠯᠥᠪᠯᠡᠭᠡ ᠪᠠᠷ 41 ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 16.83 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 9 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠦᠯᠦᠪᠯᠡᠵᠦ ᠪᠠᠶᠢᠨ᠎ᠠ᠃      ᠣᠶᠢᠷ᠎ᠠ ᠶᠢᠨ ᠡᠳᠦᠷ ᠤᠳ ᠲᠤ᠂ ᠪᠠᠶᠠᠨᠨᠠᠭᠤᠷ ᠬᠤᠲᠠ ᠴᠠᠭ ᠢ ᠠᠮᠵᠢᠨ᠂ ᠠᠬᠢᠴᠠ ᠶᠢ ᠠᠳᠬᠤᠨ᠂ ︽ᠲᠤᠯᠠᠭᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠪᠠᠶᠢᠨ᠎ᠠ᠃ ᠤᠷᠠᠳ ᠤᠨ ᠳᠤᠮᠳᠠᠳᠤ ᠬᠤᠰᠢᠭᠤᠨ ᠤ ᠬᠠᠶᠢᠷᠦᠳᠤ ᠪᠠᠯᠭᠠᠰᠤᠨ ᠤ ᠬᠤᠶᠠᠳᠤᠭᠠᠷ ᠳᠡᠰ ᠤᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠬᠤᠭᠤᠯᠠᠢ ᠶᠢ ᠭᠠᠩᠨᠠᠨ ᠵᠠᠯᠭᠠᠬᠤ ᠪᠠ ᠵᠠᠮ ᠢ ᠰᠡᠷᠭᠦᠭᠡᠬᠦ ᠵᠡᠷᠭᠡ ᠰᠡᠬᠦᠯ ᠬᠤᠷᠢᠶᠠᠬᠤ ᠠᠵᠢᠯ ᠳᠤ ᠶᠠᠭᠠᠷᠠᠯᠳᠠᠢ᠃ ᠡᠨᠡ ᠵᠢᠯ ᠪᠠᠶᠠᠨᠨᠠᠭᠤᠷ ᠬᠤᠲᠠ 7 ᠬᠤᠰᠢᠭᠤ ᠰᠢᠶᠠᠨ ᠲᠣᠭᠤᠷᠢᠭ ᠲᠤ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠵᠦ᠂ ᠨᠡᠶᠢᠲᠡ 6.78 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠠᠢ᠃ ᠣᠳᠣᠬᠠᠨ ᠳᠤ᠂ ᠤᠷᠠᠳ ᠤᠨ ᠬᠤᠶᠢᠲᠤ ᠬᠤᠰᠢᠭᠤᠨ ᠤ ︽ᠲᠤᠯᠠᠭᠠᠯᠭ᠎ᠠ ᠶᠢᠨ ᠢᠨᠵᠧᠨᠧᠷᠢᠩ︾ ᠢ ᠨᠢᠭᠡᠨᠲᠡ ᠳᠠᠭᠤᠰᠬᠠᠵᠤ᠂ ᠪᠤᠰᠤᠳ ᠬᠤᠰᠢᠭᠤ ᠰᠢᠶᠠᠨ ᠲᠣᠭᠤᠷᠢᠭ ᠤᠨ ︽ᠲᠤᠯᠠᠭᠠᠯᠭ᠎ᠠ ᠶᠢᠨ ᠢᠨᠵᠧᠨᠧᠷᠢᠩ︾ ᠢ ᠨᠢᠭᠡᠨᠲᠡ 95% ᠶᠢ ᠪᠡᠶᠡᠯᠡᠭᠦᠯᠵᠦ᠂ ᠵᠢᠱᠢᠯᠲᠡ ᠪᠠᠷ 10 ᠳ᠋ᠤᠭᠠᠷ ᠰᠠᠷ᠎ᠠ ᠶᠢᠨ ᠡᠬᠢᠨ ᠳᠤ ᠪᠦᠬᠦᠨ ᠢ ᠲᠠᠭᠤᠰᠬᠠᠨ᠎ᠠ᠃      9 ᠳ᠋ᠤᠭᠡᠷ ᠰᠠᠷ᠎ᠠ ᠶᠢᠨ 5  ᠤ ᠡᠳᠦᠷ᠂ ᠬᠥᠬᠡᠬᠤᠲᠠ ᠶᠢᠨ ᠬᠢᠩᠭᠠᠨ ᠡᠮᠦᠨ᠎ᠡ ᠵᠠᠮ ᠤᠨ ︽ᠲᠤᠯᠠᠭᠠᠯᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠵᠠᠮ ᠤᠨ ᠪᠠᠷᠠᠭᠤᠨ ᠲᠠᠯ᠎ᠠ ᠶᠢ ᠨᠢᠭᠡᠨᠲᠡ ᠮᠠᠯᠲᠠᠵᠤ᠂ ᠪᠠᠷᠢᠯᠭ᠎ᠠ ᠶᠢᠨ ᠠᠵᠢᠯᠲᠠᠳ ᠶᠠᠭ ᠰᠠᠶᠢᠬᠠᠨ ᠬᠤᠭᠤᠯᠠᠢ ᠶᠢ ᠭᠠᠩᠨᠠᠵᠤ ᠪᠠᠶᠢᠨ᠎ᠠ᠃ ᠬᠢᠩᠭᠠᠨ ᠵᠠᠮ ᠤᠨ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠳᠠᠭᠤᠰᠬᠠᠭᠰᠠᠨ ᠤ ᠳᠠᠷᠠᠭ᠎ᠠ ᠭᠤᠸᠠᠩ ᠬᠤᠸᠠ ᠵᠡᠭᠡᠯᠢ ᠶᠢᠨ ᠴᠠᠬᠢᠯᠭᠠᠨ ᠮᠠᠰᠢᠨ ᠤ ᠰᠠᠭᠤᠭᠠᠯᠢ ᠠᠷᠠᠳ ᠤᠨ ᠲᠣᠭᠤᠷᠢᠭ ᠵᠢᠴᠢ ᠬᠢᠩᠭᠠᠨ ᠵᠠᠮ ᠳᠠᠭᠠᠤ ᠶᠢᠨ ᠢᠯᠴᠢ ᠬᠠᠩᠭᠠᠬᠤ ᠲᠠᠯᠠᠪᠠᠶ ᠶᠢᠨ ᠣᠷᠣᠨ ᠪᠦᠰᠡ ᠶᠢ ᠪᠦᠬᠦᠨ ᠢ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠢ ᠲᠣᠣᠷ ᠲᠤ ᠵᠠᠯᠭᠠᠨ ᠣᠷᠣᠭᠤᠯᠵᠤ᠂ ᠲᠠᠷᠠᠭᠠᠴᠢ ᠶᠢᠨ ᠠᠯᠬᠤᠮ ᠳᠤ ᠳ᠋ᠠ ᠲᠠᠩ ᠤᠨ ᠣᠷᠳᠣ ᠬᠤᠭᠤᠴᠠᠭᠠᠨ ᠤ ᠢᠯᠴᠢ ᠬᠠᠩᠭᠠᠬᠤ ᠬᠤᠭᠤᠯᠠᠢ ᠲᠣᠣᠷ ᠢ ᠵᠠᠯᠭᠠᠨ ᠣᠷᠣᠭᠤᠯᠬᠤ ᠳᠤ ᠨᠥᠬᠦᠴᠡᠯ ᠪᠦᠷᠢᠯᠳᠦᠭᠦᠯᠵᠦ ᠦᠭᠪᠡ᠃      ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ᠬᠢᠨ ᠡᠨᠡ ᠵᠢᠯ 62 ︽ᠲᠤᠯᠠᠭᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠣᠳᠣᠬᠠᠨ ᠳᠤ ᠡᠯ᠎ᠡ ᠲᠥᠷᠥᠯ ᠵᠦᠢᠯ ᠶᠠᠭ ᠲᠦᠷᠭᠡᠨ ᠢᠶᠠᠷ ᠠᠬᠢᠵᠤ ᠪᠠᠶᠢᠨ᠎ᠠ᠃      ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠤᠶᠢᠲᠤ ᠬᠡᠰᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠢᠲᠠᠮᠠᠬᠠᠢ ᠬᠡᠢ ᠶᠢᠨ ᠭᠦᠸᠧᠯᠦ ᠶᠢᠨ ᠲᠦᠷᠦᠯ ᠵᠦᠢᠯ ᠪᠣᠯ ᠦᠬᠠᠢ ᠬᠤᠳᠠ ᠶᠢᠨ ︽ᠲᠤᠯᠠᠭᠠᠯᠭ᠎ᠠ ᠶᠢᠨ ᠢᠨᠵᠧᠨᠧᠷᠢᠩ︾ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠨᠢᠭᠡ ᠪᠣᠯᠣᠨ᠎ᠠ᠃ 9 ᠳ᠋ᠤᠭᠡᠷ ᠰᠠᠷ᠎ᠠ ᠶᠢᠨ 8 ᠤ ᠡᠳᠦᠷ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠮᠠᠰᠢᠨ ᠬᠦᠩᠭᠢᠨᠡᠵᠦ᠂ ᠮᠠᠰᠢᠨ ᠲᠡᠷᠭᠡ ᠰᠦᠯᠵᠢᠯᠳᠦᠵᠦ᠂ ᠠᠵᠢᠯᠴᠢᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠠᠵᠢᠯ ᠢᠶᠠᠨ ᠱᠠᠯᠠᠪᠳᠠᠨ ᠬᠢᠵᠦ ᠪᠠᠶᠢᠨ᠎ᠠ᠃      ︽ᠣᠳᠣᠬᠠᠨ ᠳᠤ ᠪᠢᠳᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠠᠭᠤᠷᠢ ᠬᠡᠰᠡᠭ ᠲᠤ ᠪᠧᠲ᠋ᠤᠨ ᠴᠢᠳᠬᠤᠬᠤ ᠪᠠ 3 ᠰᠠᠭᠤᠷᠢ 65 ᠲᠣᠨ ᠰᠢᠳᠠᠮᠠᠬᠠᠢ ᠬᠡᠢ ᠶᠢᠨ ᠭᠦᠸᠧᠯᠦ ᠶᠢ ᠤᠭᠰᠠᠷᠠᠬᠤ ᠠᠵᠢᠯ ᠢ ᠨᠢᠭᠡᠨᠲᠡ ᠪᠡᠶᠡᠯᠡᠭᠦᠯᠵᠡᠢ︾᠃ ᠭᠡᠵᠦ ᠦᠬᠠᠢ ᠬᠤᠳᠠ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠬᠠᠷᠢᠭᠤᠴᠠᠯᠭᠠᠲᠠᠨ ᠵᠠᠩ ᠴᠢᠶᠠᠩ ᠬᠡᠯᠡᠪᠡ᠃      ᠦᠬᠠᠢ ᠬᠤᠲᠠ 18 ︽ᠲᠤᠯᠠᠭᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠪᠦᠬᠦᠨ ᠢ ᠡᠬᠢᠯᠡᠨ ᠬᠡᠷᠡᠭᠵᠢᠭᠦᠯᠵᠦ᠂ ᠨᠢᠭᠡᠨᠲᠡ 68.7 ᠺᠢᠯᠣᠮᠧᠲᠷ ᠤᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ 210 ᠢᠯᠴᠢ ᠰᠣᠯᠢᠯᠴᠠᠬᠤ ᠥᠷᠲᠡᠭᠡ ᠶᠢ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ 583 ᠰᠠᠤᠷᠢ ᠲᠥᠬᠦᠭᠡᠷᠦᠮᠵᠢ ᠪᠡᠯᠡᠳᠭᠡᠮᠵᠢ ᠶᠢ ᠰᠣᠯᠢᠵᠤ᠂ ᠣᠲᠣ ᠶᠠᠭ 4 ᠢᠯᠴᠢ ᠬᠠᠩᠭᠠᠬᠤ ᠣᠶᠤᠨᠲᠤ ᠲᠠᠪᠴᠠᠩ ᠢ ᠲᠠᠰ ᠳᠡᠪᠰᠢᠭᠦᠯᠵᠦ ᠪᠠᠶᠢᠨ᠎ᠠ᠃      9 ᠳ᠋ᠤᠭᠡᠷ ᠰᠠᠷ᠎ᠠ ᠶᠢᠨ 9 ᠤ ᠡᠳᠦᠷ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ︽ᠲᠤᠯᠠᠭᠠᠯᠭ᠎ᠠ ᠶᠢᠨ ᠢᠨᠵᠧᠨᠧᠷᠢᠩ︾ ᠤᠨ ᠨᠢᠭᠡᠳᠦᠭᠡᠷ ᠳᠡᠰ ᠤᠨ ᠬᠤᠭᠤᠯᠠᠢ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠰᠢᠨ ᠬᠤᠢ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠲᠡᠷᠭᠡ ᠪᠦᠬᠦ ᠬᠦᠴᠦᠨ ᠢᠶᠠᠷ ᠢᠶᠠᠨ ᠠᠵᠢᠯᠯᠠᠵᠤ᠂ ᠪᠠᠷᠢᠯᠭ᠎ᠠ ᠶᠢᠨ ᠠᠵᠢᠯᠲᠠᠳ ᠭᠤᠤ ᠰᠤᠪᠠᠭ ᠢ ᠮᠠᠯᠲᠠᠬᠤ ᠪᠠ ᠬᠤᠭᠤᠯᠠᠢ ᠶᠢ ᠭᠠᠩᠨᠠᠨ ᠵᠠᠯᠭᠠᠬᠤ ᠠᠵᠢᠯ ᠬᠢᠵᠦ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠯ᠎ᠠ᠃      ᠲᠣᠰ ᠵᠠᠮ ᠤᠨ ᠪᠥᠬᠦ ᠣᠷᠳᠣ ᠨᠢ 940 ᠮᠧᠲᠷ ᠂ ᠣᠳᠣᠬᠠᠨ ᠳᠤ ᠰᠢᠷᠣᠢ ᠮᠠᠯᠳᠠᠬᠤ ᠠᠵᠢᠯ 100 ᠭᠠᠷᠤᠢ ᠮᠧᠲᠷ ᠦᠯᠡᠳᠡᠵᠦ ᠪᠠᠶᠢᠨ᠎ᠠ᠂ ᠬᠤᠭᠤᠯᠠᠢ ᠭᠠᠩᠨᠠᠬᠤ ᠠᠵᠢᠯ ᠢ 700 ᠮᠧᠲᠷ ᠳᠠᠭᠤᠰᠬᠠᠵᠠᠢ ᠭᠡᠵᠦ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ︽ᠲᠤᠯᠠᠭᠠᠯᠭ᠎ᠠ ᠶᠢᠨ ᠢᠨᠵᠧᠨᠧᠷᠢᠩ︾ ᠤᠨ ᠨᠢᠭᠡᠳᠦᠭᠡᠷ ᠳᠡᠰ ᠤᠨ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠤᠨ ᠰᠢᠨ ᠬᠤᠢ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠦ᠋ ᠬᠠᠢ ᠵᠢᠶᠠᠩ ᠬᠡᠯᠡᠪᠡ᠃      2024 ᠣᠨ ᠳᠤ᠂ ᠤᠯᠠᠭᠠᠨᠬᠠᠳᠠ ᠬᠤᠲᠠ 63 ︽ᠲᠤᠯᠠᠭᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 15.08 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠢᠯᠴᠢ ᠬᠠᠩᠭᠠᠬᠤ ᠦᠷᠳᠡᠭᠡ 2 ᠰᠠᠭᠤᠷᠢ᠂ ᠡᠯ᠎ᠡ ᠲᠥᠷᠥᠯ ᠤᠨ ᠢᠯᠴᠢ ᠬᠠᠩᠭᠠᠬᠤ ᠬᠤᠭᠤᠯᠠᠢ ᠲᠣᠣᠷ 1100 ᠺᠢᠯᠣᠮᠧᠲᠷ᠂ ᠢᠯᠴᠢ ᠰᠣᠯᠢᠯᠴᠠᠬᠤ ᠥᠷᠲᠡᠭᠡ 351 ᠰᠠᠭᠤᠷᠢ ᠶᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠦ᠂ 3200 ᠲᠦᠮᠡᠨ ᠲᠡᠭᠰᠢ ᠳᠥᠷᠪᠡᠯᠵᠢᠨ ᠮᠧᠲᠷ ᠲᠤ ᠬᠤᠯᠪᠣᠭᠳᠠᠨ᠎ᠠ᠃ ᠣᠲᠣ ᠪᠣᠯᠲᠠᠯ᠎ᠠ᠂ ᠨᠢᠭᠡᠨᠲᠡ 10.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 11 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃      ᠬᠢᠩᠭᠠᠨ ᠠᠶᠢᠮᠠᠭ ᠤᠨ ᠤᠯᠠᠭᠠᠨᠬᠤᠲᠠ ᠶᠢᠨ ᠲᠡᠮᠦᠷ ᠵᠠᠮ ᠰᠠᠭᠤᠭᠠᠯᠢ ᠠᠷᠠᠳ ᠤᠨ ᠲᠣᠭᠤᠷᠢᠭ ᠲᠤ᠂ ᠬᠤᠸᠠ ᠨᠧᠩ ᠪᠦᠯᠦᠭᠯᠡᠯ ᠤᠨ ᠤᠮᠠᠷᠠᠲᠤ ᠶᠢᠨ ᠴᠠᠬᠢᠯᠭᠠᠨ ᠬᠦᠴᠦᠨ ᠤ ᠬᠢᠩᠭᠠᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠨᠢᠭᠡ ᠤᠳᠠᠭ᠎ᠠ ᠶᠢᠨ ᠬᠤᠭᠤᠯᠠᠢ ᠲᠣᠣᠷ ᠢ ᠥᠭᠡᠷᠡᠴᠢᠯᠡᠨ ᠵᠠᠰᠠᠬᠤ ᠠᠵᠢᠯ ᠶᠠᠭ ᠢᠳᠡ ᠬᠥᠭ ᠲᠠᠢ ᠶᠠᠪᠤᠭᠳᠠᠵᠤ ᠪᠠᠶᠢᠨ᠎ᠠ᠃      2024 ᠣᠨ ᠳᠤ᠂ ᠬᠢᠩᠭᠠᠨ ᠠᠶᠢᠮᠠᠭ ᠤᠨ ᠬᠢᠨ ᠨᠠᠶᠢᠳᠠ 31 ︽ᠲᠤᠯᠠᠭᠠᠯᠭ᠎ᠠ ᠶᠢᠨ ᠢᠨᠵᠧᠨᠧᠷᠢᠩ︾ ᠤᠨ ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠬᠢᠨ ᠨᠢᠭᠡᠨᠲᠡ 6.66 ᠺᠢᠯᠣᠮᠧᠲᠷ ᠤᠨ ᠬᠤᠯᠪᠣᠯᠳᠤᠨ ᠨᠡᠪᠲᠡᠷᠡᠯᠴᠡᠬᠦ ᠨᠢᠭᠡᠳᠦᠭᠡᠷ ᠳᠡᠰ ᠤᠨ ᠬᠤᠭᠤᠯᠠᠢ ᠲᠣᠣᠷ ᠢ ᠰᠢᠨ᠎ᠡ ᠪᠠᠷ ᠪᠠᠶᠢᠭᠤᠯᠤᠭᠰᠠᠨ ᠪᠥᠭᠡᠳ 101.68 ᠺᠢᠯᠣᠮᠧᠲᠷ ᠤᠨ ᠬᠠᠭᠤᠴᠢᠨ ᠨᠢᠭᠡᠳᠦᠭᠡᠷ ᠳᠡᠰ ᠤᠨ ᠬᠤᠭᠤᠯᠠᠢ ᠲᠣᠣᠷ ᠪᠠ 284.86 ᠺᠢᠯᠣᠮᠧᠲᠷ ᠤᠨ ᠬᠠᠭᠤᠴᠢᠨ ᠬᠤᠶᠠᠳᠤᠭᠠᠷ ᠳᠡᠰ ᠤᠨ ᠬᠤᠭᠤᠯᠠᠢ ᠲᠣᠣᠷ ᠲᠤ ᠥᠭᠡᠷᠡᠴᠢᠯᠡᠯᠲᠡ ᠬᠢᠭᠰᠡᠨ ᠪᠠᠶᠢᠨ᠎ᠠ᠃ ᠡᠭᠦᠨ ᠠᠴᠠ ᠭᠠᠳᠠᠨ᠎ᠠ ᠠᠰᠠᠷ ᠲᠠᠭᠲᠤ ᠶᠢᠨ ᠪᠣᠰᠤᠭ᠎ᠠ ᠬᠤᠭᠤᠯᠠᠢ ᠶᠢ 118.72 ᠺᠢᠯᠣᠮᠧᠲᠷ ᠥᠭᠡᠷᠡᠴᠢᠯᠡᠵᠦ᠂ 9 ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 120 ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠪᠡ᠃      ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠬᠤᠸᠠᠢ ᠶᠤᠸᠠᠨ ᠵᠠᠮ ᠤᠨ ᠲᠦᠩ ᠳ᠋ᠠ ᠵᠡᠭᠡᠯᠢ ᠶᠢᠨ ︽ᠲᠤᠯᠠᠭᠠᠯᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠴᠠᠭ ᠮᠥᠴᠡ ᠶᠢ ᠠᠯᠳᠠᠯ ᠦᠭᠡᠢ ᠴᠢᠷᠮᠠᠶᠢᠨ ᠵᠠᠮ ᠢ ᠰᠡᠷᠭᠦᠭᠡᠵᠦ ᠪᠠᠶᠢᠨ᠎ᠠ᠃ ᠳᠤᠯᠠᠭᠠᠯᠭ᠎ᠠ ᠶᠢᠨ ᠶᠠᠰᠤ ᠴᠢᠨᠠᠷ ᠪᠣᠯᠣᠨ ᠦᠢᠯᠡᠴᠢᠯᠡᠭᠡᠨ ᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠥᠯᠥᠭᠡ᠂ ᠵᠢᠨᠢᠩ ᠲᠣᠭᠤᠷᠢᠭ ︽ᠳᠤᠯᠠᠭᠠᠯᠭ᠎ᠠ ᠶᠢᠨ ᠢᠨᠵᠧᠨᠧᠷᠢᠩ︾ ᠢ ᠡᠬᠢᠯᠡᠭᠦᠯᠦᠭᠰᠡᠨ ᠠᠴᠠ ᠨᠠᠰᠢ᠂ ᠭᠤᠣᠯᠳᠠᠭᠤ ᠢᠯᠴᠢ ᠶᠢᠨ ᠢᠷᠡᠯᠲᠡ᠂ ᠢᠯᠴᠢ ᠶᠢᠨ ᠲᠣᠣᠷ᠂ ᠢᠯᠴᠢ ᠶᠢᠨ ᠦᠷᠳᠡᠭᠡ ᠵᠡᠷᠭᠡ ᠳᠤ ᠤᠨᠢᠨ ᠳᠡᠭᠡᠷ᠎ᠡ ᠨᠢ ᠬᠦᠴᠦᠯᠡᠵᠦ᠂ ᠤᠯᠠᠨ ᠲᠦᠮᠡᠨ ᠤ ᠳᠤᠯᠠᠭᠠᠯᠭ᠎ᠠ ᠶᠢᠨ ᠨᠥᠬᠦᠴᠡᠯ ᠢ ᠦᠨᠡᠨᠬᠦ ᠰᠠᠶᠢᠵᠢᠷᠠᠭᠤᠯᠪᠠ᠃      ᠡᠨᠡ ᠵᠢᠯ ᠤᠯᠠᠭᠠᠨᠴᠠᠪ ᠬᠤᠲᠠ 16.02 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 9 ᠲᠥᠷᠥᠯ ᠤᠨ 115 ︽ᠲᠤᠯᠠᠭᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠳᠤ ᠭᠤᠣᠯᠳᠠᠯᠭ᠎ᠠ ᠲᠠᠢ ᠬᠡᠷᠡᠭᠵᠢᠭᠦᠯᠵᠦ᠂ ᠣᠲᠣ ᠪᠣᠯᠲᠠᠯ᠎ᠠ ᠨᠢᠭᠡᠨᠲᠡ 29 ᠲᠥᠷᠥᠯ ᠵᠦᠢᠯ ᠢ ᠳᠠᠭᠤᠰᠬᠠᠵᠤ᠂ ᠨᠡᠶᠢᠲᠡ 6 ᠢᠯᠴᠢ ᠡᠭᠦᠰᠬᠡᠭᠴᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠨᠢᠭᠡᠳᠤᠭᠡᠷ ᠲᠡᠰ ᠤᠨ ᠬᠤᠭᠤᠯᠠᠢ ᠲᠣᠣᠷ 27.83 ᠺᠢᠯᠣᠮᠧᠲᠷ᠂ ᠬᠤᠶᠠᠳᠤᠭᠠᠷ ᠲᠡᠰ ᠤᠨ ᠬᠤᠭᠤᠯᠠᠢ ᠲᠣᠣᠷ 218.57 ᠺᠢᠯᠣᠮᠧᠲᠷ᠂ ᠠᠰᠠᠷ ᠤᠨ ᠬᠤᠩᠭᠢᠯ ᠤᠨ ᠪᠣᠰᠤᠭ᠎ᠠ ᠬᠤᠭᠤᠯᠠᠢ 113.84 ᠺᠢᠯᠣᠮᠧᠲᠷ᠂ ᠢᠯᠴᠢ ᠰᠣᠯᠢᠯᠴᠠᠬᠤ ᠥᠷᠲᠡᠭᠡ ᠶᠢᠨ ᠥᠭᠡᠷᠡᠴᠢᠯᠡᠯᠲᠡ ᠶᠢᠨ 63 ᠰᠠᠭᠤᠷᠢ᠂ ᠰᠢᠨ᠎ᠡ ᠪᠠᠷ 6 ᠰᠠᠭᠤᠷᠢ ᠪᠠᠶᠢᠭᠤᠯᠵᠤ᠂ ᠭᠡᠷ ᠤᠨ ᠳᠤᠯᠠᠭᠠᠨ ᠤ ᠬᠡᠮᠵᠢᠭᠦᠷ ᠢ1173 ᠡᠷᠦᠬᠡ ᠳᠤ ᠤᠭᠰᠠᠷᠠᠵᠤ᠂ ᠨᠡᠶᠢᠲᠡ 9.35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠲᠢᠶᠠᠨ ᠵᠢᠶᠣᠣ ᠵᠠᠮ ᠤᠨ ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ᠂ ᠠᠷᠪᠠᠨ ᠬᠡᠳᠦᠨ ᠠᠵᠢᠯᠴᠢᠨ ᠶᠠᠭ ᠢᠯᠴᠢ ᠬᠠᠩᠭᠠᠯᠭ᠎ᠠ  ᠶᠢᠨ ᠨᠢᠭᠡᠳᠦᠭᠡᠷ ᠳᠡᠰ ᠤᠨ ᠬᠤᠭᠤᠯᠠᠢ ᠲᠣᠣᠷ ᠲᠡᠪᠢᠰᠴᠦ ᠶᠠᠭᠠᠷᠠᠯᠲᠠᠢ ᠠᠵᠢᠯᠯᠠᠵᠦ ᠪᠠᠶᠢᠨ᠎ᠠ᠃ ᠲᠣᠰ ᠪᠠᠷᠢᠯᠭ᠎ᠠ ᠶᠢᠨ ᠵᠠᠮ ᠤᠨ ᠬᠡᠰᠡᠭ ᠤᠨ ᠪᠥᠬᠦ ᠣᠷᠳᠣ ᠨᠢ 4.2 ᠺᠢᠯᠣᠮᠧᠲᠷ ᠪᠠᠶᠢᠵᠤ᠂ ᠭᠤᠣᠯᠳᠠᠭᠤ ᠤᠯᠤᠰ ᠤᠨ ᠴᠠᠬᠢᠯᠭᠠᠨ ᠬᠦᠴᠦᠨ ᠤ ᠬᠡᠰᠡᠭ ᠤᠨ ᠦᠵᠦᠭᠦᠷ ᠤᠨ ᠳᠤᠯᠠᠭᠠᠯᠠᠭ᠎ᠠ ᠨᠢ ᠬᠠᠯᠠᠭᠤᠨ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠳ᠋ᠦᠩᠱᠧᠩ ᠲᠣᠭᠤᠷᠢᠭ ᠤᠨ ︽ᠲᠤᠯᠠᠭᠠᠯᠭ᠎ᠠ ᠶᠢᠨ ᠢᠨᠵᠧᠨᠧᠷᠢᠩ︾ ᠢ 2024 ᠣᠨ ᠤ 4 ᠳ᠋ᠤᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠣᠳᠣᠬᠠᠨ ᠳᠤ ᠪᠦᠬᠦ ᠪᠡᠯᠡ ᠣᠷᠣᠭᠤᠯᠤᠯᠲᠠ ᠶᠢᠨ 85% ᠢ ᠪᠡᠶᠡᠯᠡᠭᠦᠯᠵᠦ᠂ ᠪᠦᠬᠦ ᠪᠠᠷᠢᠯᠭ᠎ᠠ ᠶᠢᠨ ᠬᠡᠮᠵᠢᠶ᠎ᠡ ᠶᠢᠨ 83% ᠢ ᠲᠠᠭᠤᠰᠬᠠᠵᠠᠢ᠂ 9 ᠳ᠋ᠤᠭᠡᠷ ᠰᠠᠷ᠎ᠠ ᠶᠢᠨ 25 ᠤ ᠡᠳᠦᠷ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠤᠢ᠃      2024 ᠣᠨ ᠳᠤ ᠣᠷᠳᠣᠰ ᠬᠤᠳᠠ ᠶᠢᠨ ᠬᠢᠨ ᠢᠯᠴᠢ ᠶᠢᠨ ᠡᠬᠢ᠂ ᠢᠯᠴᠢ ᠶᠢᠨ ᠲᠣᠣᠷ᠂ ᠢᠯᠴᠢ ᠶᠢᠨ ᠦᠷᠳᠡᠭᠡ ᠵᠡᠷᠭᠡ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ 45 ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 39.38 ᠳ᠋ᠦᠩᠰᠢᠭᠤᠷ ᠲᠥᠭᠦᠷᠢᠭ ᠲᠤ ᠬᠦᠷᠴᠦ᠂ ᠤᠳᠤ ᠪᠣᠯᠲᠠᠯ᠎ᠠ᠂ ᠨᠡᠶᠢᠳᠡ 31.36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠡᠭᠦᠨ ᠳᠤ 13 ᠲᠦᠷᠦᠯ ᠵᠦᠢᠯ ᠢ ᠨᠢᠭᠡᠨᠲᠡ ᠳᠠᠭᠤᠰᠬᠠᠵᠤ᠂ ᠪᠤᠰᠤᠳ ᠲᠦᠷᠦᠯ ᠵᠦᠢᠯ ᠢ ᠶᠠᠭ ᠡᠮᠬᠢ ᠳᠢᠭᠯᠢᠮ ᠲᠠᠢ ᠠᠬᠢᠭᠤᠯᠵᠤ ᠪᠤᠢ      ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠮᠠᠨᠳᠤᠯ᠎ᠠ ᠨᠡᠶᠢᠭᠡᠮ ᠲᠣᠭᠤᠷᠢᠭ ᠤᠨ ᠢ ᠾᠧ ᠴᠡᠴᠡᠷᠯᠢᠭᠳᠦ ᠰᠠᠭᠤᠭᠠᠯᠢ ᠠᠷᠠᠳ ᠤᠨ ᠲᠣᠭᠤᠷᠢᠭ ᠤᠨ ︽ᠲᠤᠯᠠᠭᠠᠯᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠬᠤᠶᠠᠳᠤᠭᠠᠷ ᠲᠡᠰ ᠤᠨ ᠬᠤᠭᠤᠯᠠᠢ ᠲᠣᠣᠷ ᠢ ᠭᠠᠩᠨᠠᠵᠤ ᠪᠠᠶᠢᠨ᠎ᠠ᠃ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠶᠠᠳᠤᠭᠠᠷ ᠲᠡᠰ ᠤᠨ ᠬᠤᠭᠤᠯᠠᠢ ᠲᠤᠤᠷ ᠪᠣᠯ ᠢᠯᠴᠢ ᠰᠣᠯᠢᠯᠴᠠᠬᠤ ᠥᠷᠲᠡᠭᠡ ᠶᠢᠨ ᠢᠯᠴᠢ ᠶᠢ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠲᠤ ᠨᠡᠪᠳᠡᠷᠡᠭᠦᠯᠬᠦ ᠭᠤᠣᠯ ᠬᠤᠭᠤᠠᠯᠢ ᠱᠤᠭᠤᠮ ᠮᠥᠨ᠂ ᠲᠣᠰ ᠤᠳᠠᠭ᠎ᠠ ᠬᠤᠭᠤᠠᠯᠢ ᠱᠤᠭᠤᠮ ᠤᠨ ᠳ᠋ᠢᠶᠠᠮᠧᠲᠷ ᠢ ᠤᠤᠯ ᠤᠨ DN300 ᠪᠠᠶᠢᠭᠰᠠᠨ ᠠᠴᠠ DN350 ᠪᠣᠯᠭᠠᠨ ᠦᠭᠡᠷᠡᠴᠢᠯᠡᠵᠡᠢ᠂ ᠥᠭᠡᠷᠡᠴᠢᠯᠡᠭᠰᠡᠨ ᠤ ᠳᠠᠷᠠᠭ᠎ᠠ ᠲᠣᠰ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠬᠦ ᠪᠣᠯᠣᠨ᠎ᠠ᠃ ᠡᠨᠡ ᠵᠢᠯ ᠠᠯᠠᠱᠠ ᠠᠶᠢᠮᠠᠭ ᠲᠤ 11 ᠵᠦᠢᠯ ᠤᠨ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠣᠲᠣ ᠪᠣᠯᠲᠠᠯ᠎ᠠ᠂ ᠲᠣᠰ ᠠᠶᠢᠮᠠᠭ ᠤᠨ ︽ᠲᠤᠯᠠᠭᠠᠯᠭ᠎ᠠ ᠶᠢᠨ ᠢᠨᠵᠧᠨᠧᠷᠢᠩ︾ ᠤᠨ ᠪᠡᠯᠡ ᠣᠷᠣᠭᠤᠯᠤᠯᠲᠠ ᠶᠢ ᠨᠢᠭᠡᠨᠲᠡ 2.12 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠯ᠎ᠡ ᠲᠥᠷᠥᠯ ᠤᠨ ᠬᠤᠭᠤᠯᠠᠢ ᠲᠣᠣᠷ ᠢ ᠨᠡᠶᠢᠲᠡ 122 ᠺᠢᠯᠣᠮᠧᠲᠷ ᠰᠢᠨᠡᠳᠬᠡᠨ ᠥᠭᠡᠷᠡᠴᠢᠯᠡᠵᠦ᠂ ᠢᠯᠴᠢ ᠶᠢᠨ ᠢᠷᠡᠯᠲᠡ ᠶᠢᠨ ᠥᠭᠡᠷᠡᠴᠢᠯᠡᠯᠲᠡ ᠶᠢ 2 ᠶᠢ ᠪᠡᠶᠡᠯᠡᠭᠦᠯᠵᠦ᠂ 2452 ᠡᠷᠦᠬᠡ ᠶᠢᠨ ᠢᠯᠴᠢ ᠬᠡᠷᠡᠭᠯᠡᠬᠦ ᠡᠷᠦᠬᠡ ᠶᠢ ᠥᠭᠡᠷᠡᠴᠢᠯᠡᠨ᠂ ᠶᠡᠷᠦᠩᠬᠡᠢ ᠪᠡᠯᠡ ᠣᠷᠣᠭᠤᠯᠤᠯᠲᠠ ᠶᠢ 79.1% ᠳᠤ ᠬᠦᠷᠴᠦ᠂ ᠵᠢᠱᠢᠯᠲᠡ ᠪᠠᠷ 9 ᠳ᠋ᠤᠭᠡᠷ ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠨ᠎ᠠ᠃      9 ᠳ᠋ᠤᠭᠡᠷ ᠰᠠᠷ᠎ᠠ ᠶᠢᠨ 9 ᠤ ᠡᠳᠦᠷ ᠠᠴᠠ ᠴᠠᠭ ᠠᠭᠤᠷ ᠡᠬᠢᠯᠡᠨ ᠬᠦᠢᠳᠡᠷᠡᠪᠡ᠂ ᠰᠢᠯᠢᠩᠬᠤᠲᠠ ᠶᠢᠨ ᠪᠢᠨ ᠾᠧ ᠵᠠᠮ ᠳᠤ᠂ ᠪᠠᠷᠢᠯᠭ᠎ᠠ ᠶᠢᠨ ᠲᠡᠷᠭᠡ ᠪᠣᠯᠣᠨ ᠪᠠᠷᠢᠯᠭ᠎ᠠ ᠶᠢᠨ ᠠᠵᠢᠯᠲᠠᠳ ᠶᠠᠭ ᠰᠠᠶᠢᠬᠠᠨ ᠢᠯᠴᠢ ᠬᠠᠩᠭᠠᠬᠤ ᠬᠤᠭᠤᠯᠠᠢ ᠶᠢ ᠡᠮᠬᠢ ᠵᠢᠷᠤᠮ ᠲᠠᠢ ᠪᠠᠷ ᠦᠭᠡᠷᠡᠴᠢᠯᠡᠵᠦ᠂ ᠡᠪᠦᠯ ᠤᠨ ᠤᠯᠠᠷᠢᠯ ᠤᠨ ᠳᠤᠯᠠᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠪᠠ᠃      ᠡᠨᠡ ᠵᠢᠯ ᠤᠨ 2 ᠳ᠋ᠤᠭᠠᠷ ᠰᠠᠷ᠎ᠠ ᠳᠤ᠂ ᠰᠢᠯᠢ ᠶᠢᠨ ᠭᠤᠣᠯ ᠠᠶᠢᠮᠠᠭ ᠤᠨ ᠬᠢᠨ ᠬᠤᠲᠠ ᠪᠠᠯᠭᠠᠰᠤᠨ ᠤ ᠢᠯᠴᠢ ᠬᠠᠩᠭᠠᠬᠤ ᠬᠤᠭᠤᠯᠠᠢ ᠲᠣᠣᠷ ᠤᠨ ᠲᠥᠬᠦᠭᠡᠷᠦᠮᠵᠢ ᠶᠢᠨ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯ ᠢ ᠡᠬᠢᠯᠡᠭᠦᠯᠵᠦ᠂ ᠢᠯᠴᠢ ᠬᠠᠩᠭᠠᠬᠤ ᠲᠥᠬᠦᠭᠡᠷᠦᠮᠵᠢ ᠶᠢᠨ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠪᠠ ᠰᠡᠯᠪᠢᠨ ᠵᠠᠰᠠᠵᠤ ᠠᠷᠠᠴᠢᠯᠠᠬᠤ ᠠᠵᠢᠯ ᠢ ᠱᠠᠲᠤᠯᠠᠨ ᠥᠷᠨᠢᠭᠦᠯᠵᠦ᠂ ᠢᠯᠴᠢ ᠬᠠᠩᠭᠠᠬᠤ ᠤᠯᠠᠷᠢᠯ ᠤᠨ ᠣᠯᠠᠨ ᠲᠦᠮᠡᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠲᠠᠢ ᠤᠶᠠᠯᠳᠤᠭᠤᠯᠤᠨ᠂ ᠲᠣᠰ ᠠᠶᠢᠮᠠᠭ ᠤᠨ 45 ︽ᠲᠤᠯᠠᠭᠠᠯᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠲᠣᠭᠲᠠᠭᠠᠵᠤ᠂ ᠨᠡᠶᠢᠲᠡ 11.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ ᠨᠢᠭᠡᠨᠲᠡ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 270 ᠺᠢᠯᠣᠮᠧᠲᠷ ᠢᠯᠴᠢ ᠬᠠᠩᠭᠠᠬᠤ ᠬᠤᠭᠤᠯᠠᠢ ᠲᠣᠣᠷ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠵᠢᠯ ᠤᠨ ᠲᠥᠯᠥᠪᠯᠡᠭᠰᠡᠨ ᠡᠭᠦᠷᠭᠡ ᠶᠢᠨ 80% ᠶᠢ ᠪᠡᠶᠡᠯᠡᠭᠦᠯᠵᠦ᠂ ᠪᠤᠰᠤᠳ ᠢᠨᠵᠧᠨᠧᠷᠢᠩ ᠢ 9 ᠳ᠋ᠤᠭᠡᠷ ᠰᠠᠷ᠎ᠠ ᠶᠢᠨ ᠳᠤᠮᠳᠠᠴᠢ ᠪᠠᠷ ᠪᠡᠶᠡᠯᠡᠭᠦᠯᠬᠦ ᠪᠠᠷ ᠵᠢᠱᠢᠵᠦ ᠪᠣᠶ᠃      ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ︽ᠲᠤᠯᠠᠭᠠᠯᠭ᠎ᠠ ᠶᠢᠨ ᠢᠨᠵᠧᠨᠧᠷᠢᠩ︾ ᠨᠢᠭᠡᠨᠲᠡ ᠪᠥᠬᠦ ᠲᠠᠯ᠎ᠠ ᠶᠢᠨ ᠰᠢᠪᠲᠤᠯᠤᠯᠲᠠ ᠶᠢᠨ ᠱᠠᠲᠤᠨ ᠳᠤ ᠣᠷᠣᠵᠤ᠂ 1.98 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠨᠡᠶᠢᠲᠡ 33 ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠪᠡ᠃ ᠣᠳᠣᠬᠠᠨ ᠳᠤ 32 ᠲᠦᠷᠦᠯ ᠵᠦᠢᠯ ᠢ ᠠᠵᠢᠯ ᠡᠬᠢᠯᠡᠭᠦᠯᠵᠦ᠂ 27 ᠲᠦᠷᠦᠯ ᠵᠦᠢᠯ ᠢ ᠠᠵᠢᠯ ᠳᠠᠭᠤᠰᠬᠠᠵᠤ᠂ ᠪᠦᠬᠦ ᠲᠦᠷᠦᠯ ᠵᠦᠢᠯ ᠢ 9 ᠳ᠋ᠤᠭᠡᠷ ᠰᠠᠷ᠎ᠠ ᠶᠢᠨ ᠡᠴᠦᠰ ᠠᠴᠠ ᠡᠮᠦᠨ᠎ᠡ ᠪᠦᠬᠦᠨ ᠢ ᠠᠵᠢᠯ ᠳᠠᠭᠤᠰᠬᠠᠬᠤ ᠪᠣᠯᠣᠨ᠎ᠠ᠃      ᠳᠤᠯᠠᠭᠠᠯᠭ᠎ᠠ ᠶᠢᠨ ᠬᠤᠭᠤᠴᠠᠭ᠎ᠠ ᠣᠶᠢᠷᠠᠳᠬᠤ ᠶᠢ ᠳᠠᠭᠠᠯᠳᠤᠨ᠂ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠶᠢᠨ ᠶᠤᠸᠠᠨ ᠯᠢ ᠳ᠋ᠦ᠋ ᠰᠠᠭᠤᠭᠠᠯᠢ ᠠᠷᠠᠳ ᠤᠨ ᠲᠣᠭᠤᠷᠢᠭ ᠤᠨ ︽ᠳᠤᠯᠠᠭᠠᠯᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠠᠭᠠᠷᠠᠯᠳᠠᠢ ᠱᠠᠳᠤᠨ ᠳᠤ ᠤᠷᠤᠵᠠᠢ᠂ ᠣᠶᠢᠯᠠᠭᠠᠭᠰᠠᠨ ᠢᠶᠠᠷ᠂ ᠲᠣᠰ ᠢᠨᠵᠧᠨᠧᠷᠢᠩ ᠢ 8 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ ᠬᠡᠷᠡᠭᠵᠢᠭᠦᠯᠵᠦ ᠂ ᠣᠳᠣᠬᠠᠨ ᠳᠤ ᠨᠢᠭᠡᠨᠲᠡ 36 ᠬᠤᠳᠳᠤᠭ ᠦᠷᠦᠭᠡ ᠶᠢ ᠪᠠᠶᠢᠭᠤᠯᠵᠦ ᠲᠠᠭᠤᠰᠬᠠᠵᠠᠢ᠂ ᠨᠡᠶᠢᠲᠡ 2000 ᠮᠧᠲᠷ ᠤᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠪᠡᠶᠡᠯᠡᠭᠦᠯᠵᠡᠢ᠃ ᠣᠲᠣ ᠪᠣᠯᠲᠠᠯ᠎ᠠ᠂ ᠲᠦᠩᠯᠢᠶᠣᠣ ᠬᠤᠲᠠ ᠨᠢᠭᠡᠨᠲᠡ 559 ᠺᠢᠯᠣᠮᠧᠲᠷ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠵᠤ᠂ 350 ᠰᠠᠭᠤᠷᠢ ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠨ ᠪᠠᠶᠢᠭᠤᠯᠵᠤ᠂ ᠵᠢᠱᠢᠯᠲᠡ ᠪᠠᠷ 9 ᠳ᠋ᠤᠭᠡᠷ ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠬᠤ ᠪᠣᠯᠣᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1