ᠲᠣᠭᠲᠠᠬᠤ ᠰᠢᠶᠠᠨ᠄ ︽ᠲᠦᠷᠦᠭᠦᠴᠢ ᠭᠠᠯᠠᠭᠤ ᠶᠢᠨ ᠢᠨᠵᠧᠨᠧᠷᠢᠩ︾ ᠢ ᠬᠡᠷᠡᠭᠵᠢᠭᠦᠯᠵᠦ  ᠠᠵᠢᠯ ᠤᠨ ᠴᠢᠳᠠᠪᠤᠷᠢ ᠪᠠᠨ  ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/9/2
     ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠲᠣᠭᠲᠠᠬᠤ ᠰᠢᠶᠠᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠦᠭᠦᠴᠢ ᠭᠠᠯᠠᠭᠤ ᠪᠠᠷ  ᠵᠠᠮᠴᠢᠯᠠᠭᠤᠯᠬᠤ ︾ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠠᠨᠠᠯ ᠰᠣᠯᠢᠯᠴᠠᠨ ᠰᠤᠷᠤᠯᠴᠠᠬᠤ ᠪᠠ ᠪᠣᠯᠪᠠᠰᠤᠷᠠᠯ ᠢᠶᠠᠷ ᠳᠠᠮᠵᠢᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ‌‍ᠶᠢᠨ ᠨᠠᠮᠴᠢ ᠴᠢᠨᠠᠷ ᠤᠨ ᠪᠣᠯᠪᠠᠰᠤᠷᠠᠯ᠂ ᠣᠨᠣᠯ ᠤᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠤᠯᠤᠰ ᠲᠥᠷᠥ ᠪᠠᠲᠤ ᠴᠢᠩᠭ᠎ᠠ᠂ ᠴᠢᠳᠠᠪᠤᠷᠢ ᠰᠠᠶᠢᠨ᠂ ᠣᠪᠣᠷ ᠰᠤᠷᠲᠠᠯ ᠰᠢᠯᠢᠳᠡᠭ᠂ ᠪᠣᠳᠠᠲᠤ ᠠᠮᠵᠢᠯᠲᠠ ᠲᠣᠪᠤᠶᠢᠮ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠬᠦᠴᠦᠯᠡᠨ ᠪᠠᠶᠢᠭᠤᠯᠪᠠ᠃      ︽ᠲᠦᠷᠦᠭᠦᠴᠢ ᠭᠠᠯᠠᠭᠤ ᠶᠢᠨ ᠢᠨᠵᠧᠨᠧᠷᠢᠩ︾ ᠨᠢ ᠨᠠᠮ ᠤᠨ ᠪᠠᠶᠢᠭᠤᠯᠤᠯᠲᠠ ᠶᠢ ᠰᠠᠶᠢᠨ ᠣᠶᠢᠯᠠᠭᠠᠬᠤ᠂ ᠵᠠᠰᠠᠯᠳᠠ ᠶᠢ ᠰᠠᠶᠢᠨ ᠣᠶᠢᠯᠠᠭᠠᠬᠤ᠂ ᠦᠢᠯᠡᠴᠢᠯᠡᠭᠡ ᠶᠢ ᠰᠠᠶᠢᠨ ᠣᠶᠢᠯᠠᠭᠠᠬᠤ ᠪᠠᠷ ᠵᠣᠷᠢᠯᠭ᠎ᠠ ᠪᠣᠯᠭᠠᠵᠤ᠂ ᠶᠠᠭᠤ ᠬᠢᠪᠡᠯ ᠶᠠᠭᠤ ᠶᠢ ᠰᠤᠷᠤᠯᠴᠠᠬᠤ᠂ ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ ᠵᠠᠷᠴᠢᠮ ᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠱᠦᠵᠢ ᠶᠢ ᠵᠣᠬᠢᠶᠠᠨ ᠪᠠᠶᠢᠭᠤᠯᠤᠨ ᠪᠦᠬᠦ ᠠᠵᠢᠯᠲᠠᠨ ᠢ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠰᠬᠠᠢ ᠰᠡᠳᠦᠪᠲᠦ ᠪᠣᠯᠪᠠᠰᠤᠷᠠᠯ᠂ ᠡᠳᠦᠷ ᠳᠤᠳᠤᠮ ᠤᠨ ᠡᠭᠡᠯᠵᠢᠯᠡᠨ ᠪᠣᠯᠪᠠᠰᠤᠷᠠᠭᠤᠯᠬᠤ‌‍ᠶᠢ ᠥᠷᠨᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠠᠳᠠᠯ ᠠᠬᠤᠢ ᠶᠢᠨ ᠬᠠᠮᠢᠶᠠᠷᠤᠯᠲᠠ᠂ ᠨᠠᠰᠤᠲᠠᠨ ᠢ ᠠᠰᠠᠷᠠᠵᠤ ᠬᠡᠦᠬᠡᠳ  ᠢ ᠬᠠᠷᠠᠭᠠᠯᠵᠠᠬᠤ᠂ ᠵᠥᠷᠢᠴᠡᠯ ᠢ ᠰᠢᠢᠳᠪᠦᠷᠢᠯᠡᠬᠦ ᠵᠡᠷᠭᠡ ᠬᠦᠨᠳᠦ ᠬᠦᠴᠢᠷᠲᠡᠢ ᠠᠵᠢᠯ ᠤᠨ ᠲᠣᠭᠤᠷᠢᠨ ᠳᠤ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠵᠦ᠂ ᠬᠡᠷᠡᠭ ᠤᠨ ᠵᠢᠱᠢᠶ᠎ᠡ ᠶᠢ ᠵᠠᠳᠠᠯᠵᠤ᠂  ᠶᠠᠷᠢᠵᠦ ᠤᠬᠠᠭᠤᠯᠤᠨ᠂  ᠮᠥᠷᠭᠦᠯᠳᠦᠭᠡᠨ ᠢ ᠰᠢᠢᠳᠪᠦᠷᠢᠯᠡᠬᠦ   ᠪᠠᠷ ᠳᠠᠮᠵᠢᠨ ᠠᠵᠢᠯ ᠤᠨ ᠰᠡᠳᠬᠢᠴᠡ ᠪᠠᠨ  ᠡᠯᠪᠡᠭ ᠪᠠᠶᠠᠯᠢᠭ ᠦᠷᠭᠡᠳᠭᠡᠭᠰᠡᠨ ᠪᠠᠶᠢᠨ᠎ᠠ᠃ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠠᠴᠠ ᠰᠤᠷᠭᠠᠭᠤᠯᠢ ᠳᠤ ᠰᠢᠯᠭᠠᠭᠤᠯᠬᠤ ᠲᠦᠷᠢᠮ ᠢ ᠪᠠᠶᠢᠭᠤᠯᠵᠤ᠂ ︽ᠭᠠᠷᠠᠭ ᠤᠨ ᠰᠡᠭᠦᠯᠴᠢ ᠶᠢᠨ ᠤᠷᠤᠯᠳᠤᠭᠠᠨ ᠤ ᠲᠠᠪᠴᠠᠩ ︾ ᠢ ᠵᠣᠬᠢᠶᠠᠨ ᠪᠠᠶᠢᠭᠤᠯᠤᠨ ᠡᠷᠭᠢᠯᠡᠵᠦ᠂ ᠮᠡᠳᠡᠯᠭᠡ ᠶᠢᠨ ᠤᠷᠤᠯᠳᠤᠭᠠᠨ᠂ ᠪᠢᠲᠡᠭᠦᠮᠵᠢᠯᠡᠭᠰᠡᠨ ᠰᠢᠯᠭᠠᠯᠲᠠ᠂ ᠮᠠᠷᠭᠤᠯᠳᠤᠭᠠᠨ᠂ ᠲᠦᠷᠭᠡᠨ ᠠᠰᠠᠭᠤᠵᠤ ᠲᠦᠷᠭᠡᠨ ᠬᠠᠷᠢᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠥᠷᠥ ᠶᠢᠨ ᠪᠣᠳᠣᠯᠭ᠎ᠠ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠠᠭᠤᠷᠢ ᠶᠢ ᠪᠠᠲᠤᠳᠬᠠᠪᠠ᠃ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ᠂ ᠰᠤᠷᠴᠤ ᠬᠡᠷᠡᠭᠯᠡᠬᠦ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠠᠵᠢᠯ ᠤᠨ ︽ᠠᠷᠪᠠᠨ ᠠᠷᠭ᠎ᠠ ᠶᠢ ᠠᠷᠪᠠ ᠶᠢ ᠶᠠᠷᠢᠬᠤ︾ ᠶᠢ ᠳᠡᠯᠭᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠷᠪᠠᠨ ᠠᠰᠠᠭᠤᠯᠲᠠ᠂ ᠨᠡᠶᠢᠭᠡᠮ ᠤᠨ ᠪᠠᠶᠢᠳᠠᠯ ᠤᠨ ᠠᠷᠪᠠᠨ ᠠᠰᠠᠭᠤᠯᠲᠠ᠂ ᠵᠠᠰᠠᠯᠲᠠ ᠶᠢᠨ ᠠᠷᠪᠠᠨ ᠠᠰᠠᠭᠤᠯᠲᠠ ᠵᠡᠷᠭᠡ ᠪᠠᠷ ᠭᠤᠣᠯᠳᠠᠯᠭ᠎ᠠ ᠲᠠᠢ ᠠᠭᠤᠯᠭ᠎ᠠ ᠶᠢ ᠳᠡᠯᠭᠡᠷᠡᠭᠦᠯᠵᠦ᠂ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠣᠶᠢᠯᠠᠭᠠᠭᠳᠠᠬᠤᠨ᠂ ᠰᠢᠨ᠎ᠡ ᠡᠭᠦᠷᠭᠡ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠲᠤᠬᠠᠢ ᠶᠢᠨ ᠲᠠᠯᠠᠪᠤᠷ  ᠳᠤᠨᠢ ᠠᠰᠠᠭᠤᠯᠲᠠ ᠬᠠᠷᠢᠭᠤᠯᠲᠠ ᠥᠭᠴᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠬᠠᠮᠳᠠᠭᠤᠯᠤᠨ ᠵᠤᠷᠢᠭᠵᠢᠭᠤᠯᠵᠤ ᠰᠠᠨᠠᠭᠠᠴᠢᠯᠠᠭ᠎ᠠ ᠠᠴᠠ ᠪᠠᠨ  ᠰᠤᠷᠤᠯᠴᠠᠵᠤ   ᠬᠦᠴᠦᠯᠡᠨ  ᠠᠵᠢᠯᠯᠠᠬᠤ ᠶᠢ ᠠᠬᠢᠭᠤᠯᠪᠠ᠃       ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ︽ᠵᠡᠪᠰᠡᠭ ᠤᠨ ᠮᠥᠷᠦ᠋ᠢᠴᠡᠭᠡᠨ︾ ᠤ ᠠᠵᠢᠯᠯᠠᠭ᠎ᠠ ᠪᠠ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠢ ᠬᠤᠶᠠᠷ ᠵᠢᠯ ᠳᠠᠷᠠᠭᠠᠯᠠᠨ ᠡᠷᠬᠢᠯᠡᠵᠦ᠂ ᠲᠤᠬᠠᠶ ᠶᠢᠨ ᠲᠠᠯᠠᠪᠠᠢ ᠳᠤ ᠶᠠᠷᠢᠶ᠎ᠠ ᠲᠠᠯᠪᠢᠬᠤ᠂ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ᠂ ᠬᠡᠪ ᠴᠢᠨᠠᠷ ᠪᠠ ᠤᠯᠠᠨ ᠲᠦᠮᠡᠨ  ᠳᠤ ᠤᠬᠠᠭᠤᠯᠬᠤ᠂ ᠤᠯᠠᠨ ᠲᠦᠮᠡᠨ ᠢ ᠵᠣᠬᠢᠶᠠᠨ ᠪᠠᠶᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠲᠤᠷᠰᠢᠯᠭ᠎ᠠ ᠠᠷᠭ᠎ᠠ ᠬᠢᠳᠡᠯ ᠢ ᠤᠯᠠᠮᠵᠢᠯᠠᠵᠤ᠂ ᠨᠡᠶᠢᠭᠡᠮ ᠲᠣᠭᠤᠷᠢᠭ‌‍ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠠᠨᠠᠭᠠᠴᠢᠯᠠᠭ᠎ᠠ ᠠᠴᠠ ᠪᠠᠨ ᠠᠵᠢᠯ ᠬᠢᠬᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠨ ᠱᠠᠲᠤᠨ ᠤ ᠵᠠᠰᠠᠯᠲᠠ ᠶᠢ ᠰᠠᠶᠢᠲᠤᠷ ᠬᠢᠬᠦ ᠢᠲᠡᠭᠡᠯ ᠵᠣᠷᠢᠭ ᠢ ᠨᠢ ᠨᠡᠮᠡᠭᠳᠡᠭᠦᠯᠪᠡ᠃      ︽ᠱᠦᠵᠢ ᠶᠢᠨ ᠶᠠᠷᠢᠶᠠᠨ ᠤ ᠲᠠᠪᠴᠠᠩ᠂ ᠲᠦᠷᠦᠭᠦᠴᠢ ᠭᠠᠯᠠᠭᠤ ᠶᠢᠨ ᠶᠠᠷᠢᠶᠠᠨ ᠤ ᠲᠠᠩᠬᠢᠮ︾ ᠢᠶᠠᠷ ᠳᠠᠮᠵᠢᠭᠤᠯᠤᠨ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ᠂ ᠲᠤᠷᠰᠢᠯᠭ᠎ᠠ ᠶᠢ ᠳᠡᠯᠭᠡᠷᠡᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠵᠠᠰᠠᠯᠲᠠ ᠶᠢ ᠠᠮᠢᠳᠤᠯᠢᠭ ᠪᠣᠯᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠳᠤᠮᠳᠠ ᠵᠠᠰᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ︽ᠲᠦᠷᠦᠭᠦᠴᠢ ᠭᠠᠯᠠᠭᠤ ᠶᠢᠨ ᠦᠢᠯᠡᠳᠦᠯ︾ ᠢᠶᠠᠷ ᠨᠡᠶᠢᠭᠡᠮ ᠲᠣᠭᠤᠷᠢᠭ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠪᠠ᠃   ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ  
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1