8 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠠᠴᠠ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠳᠠᠬᠢ | ᠬᠥᠬᠡᠬᠤᠲᠠ᠂ ᠪᠤᠭᠤᠲᠤ᠂ ᠬᠥᠯᠥᠨ ᠪᠤᠶᠢᠷ᠂ ᠲᠦᠩᠯᠢᠶᠣᠤ᠂ ᠤᠯᠠᠭᠠᠨᠬᠠᠳᠠ᠂ ᠤᠯᠠᠭᠠᠨᠴᠠᠪ᠂ ᠣᠷᠳᠣᠰ᠂ | ᠪᠠᠶᠠᠨᠨᠠᠭᠤᠷ᠂ ᠠᠯᠠᠱᠠ ᠵᠡᠷᠭᠡ 9 ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠢᠶᠠᠷ ᠬᠤᠪᠢ ᠬᠥᠮᠦᠨ ᠤ ᠶᠠᠯ᠎ᠠ ᠬᠢᠭᠰᠡᠨ | ᠲᠡᠮᠳᠡᠭᠯᠡᠯ ᠪᠠᠶᠢᠬᠤ ᠡᠰᠡᠬᠦ ᠭᠡᠷᠡᠴᠢ ᠶᠢᠨ ︽ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ | ᠲᠤᠬᠠᠶᠢᠯᠠᠭᠰᠠᠨ ᠠᠵᠢᠯ ᠲᠠᠢ ᠪᠣᠯᠪᠠ᠃ | 2023 ᠣᠨ ᠳᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠪᠢ | ᠬᠥᠮᠦᠨ ᠤ ᠶᠠᠯ᠎ᠠ ᠬᠢᠭᠰᠡᠨ ᠲᠡᠮᠳᠡᠭᠯᠡᠯ ᠪᠠᠶᠢᠬᠤ ᠡᠰᠡᠬᠦ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠢ ᠨᠡᠶᠢᠲᠡ 50 | ᠭᠠᠷᠤᠢ ᠲᠦᠮᠡᠨ ᠬᠤᠪᠢ ᠭᠦᠢᠴᠡᠳᠬᠡᠭᠰᠡᠨ ᠪᠣᠯᠬᠤᠷ ᠲᠤᠰ ᠲᠤᠬᠠᠶᠢᠯᠠᠭᠰᠠᠨ ᠠᠵᠢᠯ ᠨᠢᠭᠡᠨᠲᠡ ᠥᠨᠳᠥᠷ | ᠳᠠᠪᠲᠠᠮᠵᠢ ᠲᠠᠢ ᠠᠵᠢᠯ ᠶᠠᠪᠤᠳᠠᠯ ᠳᠤ ᠲᠣᠭᠠᠴᠠᠭᠳᠠᠪᠠ᠃ ᠣᠯᠠᠨ ᠲᠦᠮᠡᠨ ᠢ ︽ᠳᠤᠲᠠᠭᠤ ᠭᠦᠶᠦᠯᠭᠡᠨ ᠪᠠᠶᠢᠵᠤ | ᠠᠵᠢᠯ ᠶᠠᠪᠤᠳᠠᠯ ᠢ ᠨᠢ ᠭᠦᠢᠴᠡᠳᠬᠡᠬᠦ︾᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠨᠠᠷ ᠤᠨ ᠳᠠᠷᠤᠭᠠᠰᠤ ᠶᠢ | ᠬᠥᠩᠭᠡᠷᠡᠭᠦᠯᠬᠦ ᠠᠵᠢᠯ ᠤᠨ ᠣᠨᠣᠯᠵᠢᠬᠤᠨ ᠢᠶᠠᠷ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠬᠤᠯᠪᠤᠭᠳᠠᠯ ᠪᠥᠬᠦᠶ ᠠᠵᠢᠯ ᠲᠥᠷᠥᠯ ᠤᠨ ᠴᠠᠭᠳᠠᠭ᠎ᠠ ᠪᠠ ᠮᠡᠷᠭᠡᠵᠢᠯ ᠤᠨ ᠬᠦᠴᠦᠨ ᠢ ᠵᠣᠬᠢᠶᠠᠨ | ᠪᠠᠶᠢᠭᠤᠯᠵᠤ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ | ᠲᠠᠪᠴᠠᠩ ᠳᠤ ᠲᠦᠰᠢᠭᠯᠡᠨ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠪᠠᠶᠢᠬᠤ ᠡᠰᠡᠬᠦ ᠭᠡᠷᠡᠴᠢ ᠭᠠᠷᠭᠠᠬᠤ | ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠶᠢ ᠨᠡᠭᠡᠭᠡᠨ | ᠠᠵᠢᠯᠯᠠᠭᠤᠯᠵᠤ᠂ ᠠᠶᠢᠮᠠᠭ ᠬᠤᠲᠠ ᠨᠤᠭᠤᠳ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠪᠦᠯᠦᠭ ᠬᠤᠪᠢᠶᠠᠨ | ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠵᠤ ᠡᠬᠢᠯᠡᠪᠡ᠃ ᠡᠨᠡ ᠬᠦ ᠴᠢᠳᠠᠮᠵᠢ ᠶᠢ | ᠰᠦᠯᠵᠢᠶᠡᠨ ᠲᠡᠭᠡᠷ᠎ᠡ ᠭᠠᠷᠭᠠᠭᠰᠠᠨᠡᠴᠠ ᠨᠠᠭᠠᠰᠢ᠂ ᠣᠯᠠᠨ ᠲᠦᠮᠡᠨ ᠨᠠᠭᠠᠰᠢ ᠴᠠᠭᠠᠰᠢ ᠬᠦᠶᠦᠬᠦ ᠴᠢᠬᠤᠯᠠ ᠥᠬᠡᠶ | ᠪᠣᠯᠵᠤ᠂ ᠵᠥᠪᠬᠡᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ | ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠦᠨᠡᠨ | ᠨᠡᠷ᠎ᠡ ᠪᠠᠨ ᠳᠠᠩᠰᠠᠯᠠᠭᠤᠯᠵᠤ᠂ ᠲᠠᠪᠴᠠᠩ ᠤᠨ ᠪᠡᠶ᠎ᠡ ᠬᠡᠮ ᠬᠢᠨᠠᠨ ᠰᠢᠯᠭᠠᠬᠤ ᠴᠢᠳᠠᠮᠵᠢ ᠶᠢ ᠨᠢ ᠠᠰᠢᠭᠯᠠᠨ᠂ ᠮᠡᠳᠡᠭᠡ | ᠵᠠᠩᠭᠢ ᠪᠠᠨ ᠠᠦ᠋ᠲ᠋ᠣ᠋ ᠪᠠᠷ ᠬᠠᠷᠭᠤᠭᠤᠯᠤᠨ ᠰᠢᠯᠭᠠᠭᠤᠯᠪᠠᠯ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃ ᠠᠷᠠᠳᠤᠨ | ᠴᠠᠭᠳᠠᠭ᠎ᠠ ᠠᠴᠠ ᠭᠤᠶᠤᠴᠢᠯᠠᠭᠰᠠᠨ ᠵᠦᠢᠯ ᠢ ᠨᠢ ᠭᠦᠢᠴᠡᠳᠬᠡᠭᠰᠡᠨ ᠤ ᠳᠠᠷᠠᠭ᠎ᠠ᠂ ᠭᠠᠷᠭᠠᠵᠤ ᠥᠭᠭᠦᠭᠰᠡᠨ ᠶᠠᠯ᠎ᠠ | ᠬᠢᠭᠰᠡᠨ ᠲᠡᠮᠳᠡᠭᠯᠡᠯ ᠪᠠᠶᠢᠬᠤ ᠡᠰᠡᠬᠦ ᠭᠡᠷᠡᠴᠢ ᠶᠢᠨ ᠡᠯᠧᠺᠲᠷᠣᠨ ᠬᠡᠪᠯᠡᠯ ᠢ ᠲᠠᠪᠴᠠᠩ ᠤᠨ ᠬᠤᠪᠢ ᠬᠥᠮᠦᠨ ᠤ | ᠲᠥᠪ ᠠᠴᠠ ᠬᠠᠶᠢᠨ ᠦᠵᠡᠵᠦ ᠪᠣᠯᠣᠨ᠎ᠠ᠂ ᠲᠡᠷᠡᠴᠢᠯᠡᠨ ᠲᠠᠪᠴᠠᠩ ᠤᠨ ᠲᠤᠰ ᠴᠢᠳᠠᠮᠵᠢ ᠨᠢ ᠮᠡᠷᠭᠡᠨ ᠴᠣᠬᠤᠷ ᠢ | ᠰᠢᠷᠪᠢᠬᠦ᠂ ᠰᠦᠯᠵᠢᠶᠡᠨ ᠳᠡᠭᠡᠷ᠎ᠡ ᠰᠢᠯᠭᠠᠨ ᠪᠠᠲᠤᠯᠠᠬᠤ ᠵᠡᠷᠭᠡ ᠣᠯᠠᠨ ᠵᠦᠢᠯ ᠤᠨ ᠬᠠᠷᠭᠤᠭᠤᠯᠤᠨ ᠪᠠᠶᠢᠴᠠᠭᠠᠬᠤ | ᠠᠷᠭ᠎ᠠ ᠮᠠᠶ᠋ᠢᠭ ᠢ ᠳᠡᠮᠵᠢᠨ᠎ᠡ᠃ | ᠣᠲᠣ ᠪᠣᠯᠲᠠᠯ᠎ᠠ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠪᠠᠶᠢᠬᠤ ᠡᠰᠡᠬᠦ ᠭᠡᠷᠡᠴᠢ ᠶᠢᠨ ︽ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ︾ ᠲᠤᠬᠠᠶᠢᠯᠠᠭᠰᠠᠨ ᠠᠵᠢᠯ ᠤᠨ ᠴᠢᠳᠠᠮᠵᠢ ᠪᠠᠷ ᠳᠠᠮᠵᠢᠭᠤᠯᠤᠨ | ᠰᠦᠯᠵᠢᠶᠡᠨ ᠳᠡᠭᠡᠷ᠎ᠡ ᠨᠡᠶᠢᠲᠡ 17.3 ᠲᠦᠮᠡ ᠭᠠᠷᠤᠶ ᠬᠤᠪᠢ ᠭᠡᠷᠡᠴᠢ ᠭᠠᠷᠭᠠᠵᠤ ᠥᠭᠪᠡ ᠃ | ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ | ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠤᠨ | ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠪᠠᠶᠢᠬᠤ ᠡᠰᠡᠬᠦ ᠭᠡᠷᠡᠴᠢ ᠶᠢᠨ ᠲᠤᠬᠠᠶᠢᠯᠠᠭᠰᠠᠨ ᠠᠵᠢᠯ ᠤᠨ ︽ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠪᠠᠨ 2024 ᠣᠨ ᠤ ᠵᠢᠯ ᠤᠨ ᠡᠴᠦᠰ ᠢᠶᠠᠷ ᠪᠥᠬᠦ | ᠣᠷᠣᠨ ᠤ ᠰᠦᠯᠵᠢᠶᠡᠨ ᠳᠡᠭᠡᠷ᠎ᠡ ᠵᠢᠩᠬᠢᠨᠢ ᠪᠠᠷ ᠠᠵᠢᠯᠯᠠᠭᠤᠯᠬᠤ ᠪᠠᠷ ᠵᠢᠱᠢᠵᠦ ᠪᠠᠶᠢᠨ᠎ᠠ᠃ |