ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠡᠬᠢ | ᠪᠠᠶᠠᠯᠢᠭ ᠢ ᠨᠢᠭᠡᠳᠭᠡᠵᠦ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠲᠡᠭᠡᠭᠰᠢᠯᠡᠭᠦᠯᠬᠦ ᠶᠢᠨ ᠲᠦᠯᠦᠭᠡ᠂ ᠲᠣᠭᠲᠠᠬᠤ | ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠠᠴᠠ 9 ᠳ᠋ᠤᠭᠡᠷ ᠰᠠᠷ᠎ᠠ ᠶᠢᠨ 13 ᠤ ᠡᠳᠦᠷ ᠠᠴᠠ 9 ᠳ᠋ᠤᠭᠡᠷ ᠰᠠᠷ᠎ᠠ ᠶᠢᠨ 19 ᠤ ᠡᠳᠦᠷ ᠪᠣᠯᠲᠠᠯ᠎ᠠ | ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠠᠷ ᠬᠠᠷᠢᠶ᠎ᠠ ᠣᠷᠣᠨ ᠤ | ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ᠂ ᠵᠢᠭᠤᠯᠴᠢᠯᠠᠯ ᠤᠨ ᠭᠠᠵᠠᠷ᠂ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠲᠤ | ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠬᠤ ᠠᠵᠢᠯᠲᠠᠳ ᠲᠠᠪᠴᠠᠩ ᠤᠨ ᠳᠣᠲᠣᠷ᠎ᠠ ᠠᠴᠠ ᠲᠣᠬᠢᠶᠠᠯᠳᠤᠯ ᠢᠶᠠᠷ ᠰᠣᠩᠭᠤᠨ ᠠᠪᠤᠭᠰᠠᠨ 11 | ᠡᠵᠡᠩᠨᠡᠯᠲᠡ ᠶᠢᠨ ᠲᠠᠯᠠᠪᠤᠷ ᠭᠠᠵᠠᠷ ᠲᠤ ᠲᠣᠰ ᠲᠣᠰ ᠤᠨ ᠰᠠᠯᠠᠭ᠎ᠠ ᠮᠥᠴᠢᠷ ᠤᠨ ᠠᠵᠢᠯ ᠤᠨ ᠲᠤᠰᠢᠶᠠᠯ | ᠬᠠᠷᠢᠭᠤᠴᠠᠯᠭ᠎ᠠ ᠶᠢᠨ ᠬᠠᠮᠲᠤᠷᠠᠭᠰᠠᠨ ᠰᠤᠭᠤᠴᠢᠨ ᠪᠠᠶᠢᠴᠠᠭᠠᠯᠲᠠ ᠶᠢ ᠥᠷᠨᠢᠭᠦᠯᠪᠡ᠃ ᠬᠦᠷᠦᠭᠰᠡᠨ ᠭᠠᠵᠠᠷ | ᠪᠣᠯᠭᠠᠨ ᠳᠤ ᠪᠠᠶᠢᠴᠠᠭᠠᠬᠤ ᠠᠵᠢᠯᠲᠠᠨ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ | ᠡᠵᠡᠩᠨᠡᠯᠲᠡ ᠶᠢᠨ ᠲᠠᠯᠠᠪᠤᠷ ᠭᠠᠵᠠᠷ ᠤᠨ ᠦᠨᠡᠮᠯᠡᠯ᠂ ᠡᠬᠡ ᠲᠠᠩᠰᠠ ᠶᠢᠨ ᠮᠠᠲ᠋ᠧᠷᠢᠶᠠᠯ᠂ ᠡᠵᠡᠩᠨᠡᠯᠲᠡ ᠶᠢᠨ ᠦᠶᠯᠡ | ᠠᠵᠢᠯᠯᠠᠭ᠎ᠠ᠂ ᠣᠨ ᠤ ᠪᠠᠶᠢᠴᠠᠭᠠᠯᠲᠠ ᠵᠡᠷᠭᠡ ᠶᠢ ᠬᠢᠨᠠᠨ ᠬᠠᠷᠭᠤᠭᠤᠯᠵᠦ ᠪᠠᠶᠢᠴᠠᠭᠠᠪᠠ᠃ ᠲᠤᠬᠠᠢ ᠶᠢᠨ ᠲᠠᠯᠠᠪᠠᠶ ᠳᠤ ︽ | ᠰᠠᠯᠠᠭ᠎ᠠ ᠮᠥᠴᠢᠷ ᠬᠤᠯᠪᠣᠭᠠᠯᠠᠬᠤ︾ ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ ︽ᠰᠤᠭᠤᠴᠢᠨ | ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭᠲᠦ︾ ᠶᠢ ᠲᠠᠭᠯᠠᠬᠤ ᠶᠢᠨ ᠬᠠᠮᠲᠤ᠂ ᠲᠠᠯᠠᠪᠤᠷ ᠭᠠᠵᠠᠷ ᠤᠨ | ᠬᠠᠷᠢᠭᠤᠴᠠᠯᠭᠠᠲᠠᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠭᠠᠯ ᠤᠨᠲᠠᠷᠠᠭᠠᠬᠤ ᠠᠮᠤᠷ | ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠦᠷᠢᠯᠠᠪᠠ᠃ ᠲᠣᠰ ᠤᠳᠠᠭ᠎ᠠ ᠳᠤ ᠲᠣᠬᠢᠶᠠᠯᠳᠤᠯ ᠢᠶᠠᠷ ᠰᠣᠩᠭᠤᠨ | ᠪᠠᠶᠢᠴᠠᠭᠠᠬᠤ ᠡᠵᠡᠩᠨᠡᠯᠲᠡ ᠶᠢᠨ ᠲᠠᠯᠠᠪᠤᠷ ᠭᠠᠵᠠᠷ 11 ︵ᠤᠳᠠᠭ᠎ᠠ︶ ᠪᠠᠶᠢᠵᠤ᠂ ᠲᠣᠬᠢᠶᠠᠯᠳᠤᠯ ᠢᠶᠠᠷ ᠰᠣᠩᠭᠤᠨ | ᠪᠠᠶᠢᠴᠠᠭᠠᠬᠤ ᠬᠠᠤᠯᠢ ᠬᠡᠷᠡᠭᠵᠢᠭᠦᠯᠬᠦ ᠠᠵᠢᠯᠲᠠᠨ 65 ᠬᠥᠮᠥᠨ ︵ᠤᠳᠠᠭ᠎ᠠ︶ ᠪᠠᠶᠢᠨ᠎ᠠ᠃ ᠬᠠᠮᠲᠤᠷᠠᠨ ᠰᠤᠭᠤᠴᠢᠨ | ᠪᠠᠶᠢᠴᠠᠭᠠᠬᠤ ᠠᠵᠢᠯᠯᠠᠭ᠎ᠠ ᠶᠢᠨ ᠦᠷ᠎ᠡ ᠳ᠋ᠦᠩ ᠢ ︽ᠬᠤᠶᠠᠷ ᠢ ᠲᠣᠬᠢᠶᠠᠯᠳᠤᠯ ᠢᠶᠠᠷ ᠬᠢᠵᠦ᠂ ᠨᠢᠭᠡ ᠶᠢ ᠢᠯᠡ ᠪᠣᠯᠭᠠᠬᠤ | ︾ ᠳᠤ ᠨᠢᠭᠡᠳᠦᠯᠲᠡᠢ ᠣᠷᠣᠭᠤᠯᠤᠨ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠭᠥᠯᠢᠶᠡᠨ ᠠᠪᠤᠪᠠ᠃ | ᠣᠯᠠᠨ ᠰᠠᠯᠠᠭ᠎ᠠ ᠮᠥᠴᠢᠷ ᠬᠤᠯᠪᠤᠭᠠᠯᠠᠨ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ | ᠪᠠᠶᠢᠴᠠᠭᠠᠯᠲᠠ ᠶᠢ ᠥᠷᠨᠢᠭᠦᠯᠬᠦ ᠪᠠᠷ ᠳᠡᠮᠵᠢᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ | ᠨᠢᠭᠡ ᠠᠯᠬᠤᠮ ᠵᠢᠷᠤᠮᠵᠢᠭᠤᠯᠬᠤ ᠶᠢᠨ ᠬᠠᠮᠲᠤ ᠢᠯᠡ᠂ ᠡᠷᠬᠡ ᠲᠡᠭᠰᠢ᠂ ᠲᠥᠪ ᠭᠤᠥᠯᠴᠢ ᠪᠠᠷ ᠬᠠᠤᠯᠢ | ᠬᠡᠷᠡᠭᠵᠢᠭᠦᠯᠬᠦ ᠶᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠤᠨ᠂ ᠬᠢᠨᠠᠯᠲᠠ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠪᠠ ᠲᠥᠪ ᠭᠤᠥᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠤᠯᠢ | ᠬᠡᠷᠡᠭᠵᠢᠭᠦᠯᠬᠦ ᠮᠡᠳᠡᠭᠡ ᠵᠠᠩᠭᠢ᠂ ᠬᠠᠤᠯᠢ ᠬᠡᠷᠡᠭᠵᠢᠭᠦᠯᠬᠦ ᠡᠬᠢ ᠪᠠᠶᠠᠯᠢᠭ ᠤᠨ ᠲᠠᠯ᠎ᠠ ᠪᠠᠷ ᠬᠠᠮᠲᠤᠪᠠᠷ ᠡᠳ᠋ᠯᠡᠬᠦ ᠶᠢ | ᠪᠡᠶᠡᠯᠡᠭᠦᠯᠦᠨ᠎ᠡ᠃ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠦᠷᠭᠦᠯᠵᠢᠯᠡᠨ ᠤᠶᠠᠯᠳᠤᠭᠤᠯᠵᠤ᠂ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠶᠢᠨ ᠬᠠᠤᠯᠢ | ᠶᠤᠰᠤᠨ ᠤ ᠡᠵᠡᠩᠨᠡᠯᠲᠡ ᠶᠢᠨ ᠣᠨᠣᠯᠵᠢᠬᠤᠨ ᠢ ᠵᠢᠷᠤᠮᠵᠢᠭᠤᠯᠬᠤ ᠶᠢ ᠲᠠᠰᠤᠷᠠᠯᠲᠠ ᠦᠭᠡᠢ ᠴᠢᠩᠭᠠᠳᠬᠠᠨ᠂ ᠬᠢᠨᠠᠯᠲᠠ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠮᠠᠨ ᠤ ᠰᠢᠶᠠᠨ ᠤ ᠰᠣᠶᠣᠯ ᠤᠨ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ | ᠠᠬᠢᠭᠤᠯᠤᠶ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |