ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠲᠤᠬᠠᠢ ᠶᠢᠨ ᠲᠠᠯᠠᠪᠠᠢ ᠶᠢᠨ ᠬᠤᠷᠠᠯ ᠲᠣᠭᠲᠠᠬᠤ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/9/23
      9 ᠳ᠋ᠤᠭᠡᠷ ᠰᠠᠷ᠎ᠠ ᠶᠢᠨ 23  ᠤ ᠡᠳᠦᠷ᠂ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠲᠤᠬᠠᠢ ᠶᠢᠨ ᠲᠠᠯᠠᠪᠠᠢ ᠶᠢᠨ ᠬᠤᠷᠠᠯ ᠲᠤᠭᠳᠠᠬᠤ ᠰᠢᠶᠠᠨ‌‍ᠤ ᠬᠤᠷᠠᠯᠳᠤᠵᠤ᠂ ᠲᠣᠭᠤᠷᠢᠨ ᠦᠵᠡᠬᠦ᠂ ᠬᠠᠷᠢᠯᠴᠠᠨ ᠰᠤᠷᠤᠯᠴᠠᠬᠤ᠂ ᠲᠤᠷᠰᠢᠯᠭ᠎ᠠ ᠪᠠᠨ ᠰᠣᠯᠢᠯᠴᠠᠬᠤ᠂ ᠲᠤᠬᠠᠢ ᠶᠢᠨ ᠲᠠᠯᠠᠪᠠᠢ ᠳᠤ ᠱᠠᠯᠠᠪᠳᠠᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠳᠡᠷᠬᠦ ᠰᠢᠬᠠᠮᠳᠠᠭᠤᠯᠬᠤ ᠪᠠᠷ ᠳᠠᠮᠵᠢᠭᠤᠯᠵᠤ᠂ ᠪᠣᠳᠠᠲᠠᠢ ᠠᠵᠢᠯᠯᠠᠬᠤ ᠪᠠᠷ ᠳᠠᠮᠵᠢᠨ ᠬᠥᠬᠡᠬᠤᠲᠠ ᠶᠢᠨ ᠡᠭᠦᠷᠭᠡᠯᠡᠯ᠂ ᠬᠥᠬᠡᠬᠤᠲᠠ ᠶᠢᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠲᠣᠭᠲᠠᠬᠤ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 103.7 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 9.3%  ᠲᠤ ᠬᠦᠷᠴᠦ᠂ ᠪᠦᠬᠦ ᠬᠤᠳᠠ ᠶᠢᠨ ᠬᠤᠶᠠᠳᠤᠭᠠᠷ ᠲᠤ ᠵᠢᠭᠰᠠᠭᠠᠭᠳᠠᠵᠠᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 22.5% ᠪᠠᠶᠢᠵᠤ᠂ ᠪᠥᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 33.5 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 24.6% ᠳᠤ ᠬᠦᠷᠴᠦ᠂ ᠪᠥᠬᠦ ᠬᠤᠲᠠ ᠶᠢᠨ ᠭᠤᠷᠪᠠᠳᠤᠭᠠᠷ ᠲᠤ ᠣᠷᠣᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠬᠤᠲᠠ ᠶᠢᠨ ᠳᠤᠮᠳᠠ ᠳᠡᠭᠡᠳᠦ ᠤᠷᠤᠰᠬᠠᠯ ᠳᠤ ᠬᠦᠷᠭᠡᠬᠦ ᠲᠣᠭᠲᠠᠭᠰᠠᠨ ᠬᠠᠷᠠᠯᠲᠠ ᠶᠢ ᠪᠡᠶᠡᠯᠡᠭᠦᠯᠪᠡ᠃
     ᠡᠨᠡ ᠵᠢᠯ ᠤᠨ 1 ︱ 8 ᠳ᠋ᠤᠭᠠᠷ ᠰᠠᠷ᠎ᠠ ᠳᠤ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 118.7% ᠪᠠᠷ ᠨᠡᠮᠡᠭᠳᠡᠨ᠂ ᠪᠥᠬᠦ ᠬᠤᠲᠠ ᠵᠢᠨ‌ᠨᠢᠭᠡᠳᠦᠭᠡᠷ ᠲᠤ ᠣᠷᠣᠪᠠ᠂ ᠡᠭᠦᠨ ᠳᠤ᠂ ᠠᠵᠤ ᠦᠢᠯᠡᠳᠪᠦᠷᠢ ᠶᠢᠨ ᠲᠣᠭᠲᠠᠮᠠᠯ ᠪᠡᠯᠡ ᠣᠷᠣᠭᠤᠯᠤᠯᠲᠠ 25.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 197.9% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 31.3 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ ᠬᠤᠶᠠᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.3% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃
     ᠲᠤᠬᠠᠢ ᠶᠢᠨ ᠡᠳᠦᠷ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠲᠣᠭᠲᠠᠬᠤ ᠰᠢᠶᠠᠨ ᠤ ᠲᠣᠭᠠᠴᠢᠯᠠᠭᠰᠠᠨ ᠣᠶᠤᠨᠲᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠂ ᠴᠠᠩ ᠱᠧᠩ ᠡᠮ ᠤᠨ ᠦᠢᠯᠡᠳᠪᠦᠷᠢ ᠶᠢᠨ ᠣᠯᠠᠨ ᠤᠯᠤᠰ ᠤᠨ ᠳᠡᠭᠡᠳᠦ ᠳᠡᠰ ᠤᠨ ᠣᠶᠤᠨᠴᠢ ᠡᠮ ᠨᠠᠶᠢᠷᠠᠭᠤᠯᠬᠤ ᠦᠢᠯᠡᠳᠪᠦᠷᠢ ᠶᠢᠨ ᠲᠥᠷᠥᠯ ᠵᠦᠢᠯ᠂ ᠶᠢᠨ ᠳ᠋ᠠ ᠸᠧᠢ ᠶᠢᠨ ᠭᠤᠷᠪᠠᠳᠤᠭᠠᠷ ᠬᠤᠭᠤᠴᠠᠭᠠᠨ ᠤ ᠨᠡᠶᠢᠯᠡᠮᠡᠯ ᠠᠮᠢᠳᠤ ᠪᠣᠳᠠᠰ ᠪᠠ ᠠᠮᠢᠳᠤ ᠪᠣᠳᠠᠰ ᠤᠨ ᠢᠰᠬᠡᠯᠲᠡ ᠶᠢᠨ ᠰᠤᠳᠤᠯᠭᠠᠨ ᠤ ᠲᠥᠪ ᠤᠨ ᠲᠥᠷᠥᠯ ᠵᠦᠢᠯ᠂ ᠤᠯᠤᠰ ᠤᠨ ᠡᠨᠧᠷᠭᠢ ᠶᠢᠨ ᠪᠤᠬᠢᠷᠳᠦᠯ ᠦᠭᠡᠢ ᠴᠠᠬᠢᠯᠭᠠᠨ ᠬᠠᠩᠭᠠᠬᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ᠂ ᠲᠠᠷᠢᠶᠠᠯᠠᠩ ᠸᠠᠭᠠᠷ ᠵᠢᠭᠠᠰᠤ ᠬᠥᠳᠡᠭᠡ ᠲᠣᠰᠬᠤᠨ ᠤ ᠠᠮᠢᠳᠤᠷᠠᠯ ᠢ ᠣᠶᠢᠯᠠᠭᠠᠬᠤ ᠬᠦᠷᠢᠶᠡᠯᠡᠩ ᠪᠣᠯᠣᠨ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠱᠤᠸᠠᠩ ᠵᠢᠶᠧ ᠰᠠᠢ ᠳ᠋ᠦ᠋ ᠰᠢᠨ᠎ᠡ ᠡᠨᠧᠷᠭᠢ ᠶᠢᠨ ᠳᠡᠭᠡᠳᠦ ᠳᠡᠰ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ᠂  ᠵᠧᠩ ᠨᠠᠢ ᠣᠶᠤᠨᠴᠢ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ ᠵᠦᠢᠯ᠂ ᠠᠲ᠋ᠧᠰ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠳᠠᠬᠢᠯᠲᠠ ᠤᠰᠤᠨ ᠤ ᠦᠢᠯᠡᠳᠪᠦᠷᠢ ᠶᠢᠨ ᠲᠥᠷᠥᠯ ᠵᠦᠢᠯ᠂ ᠬᠦᠷᠢᠶᠡᠯᠡᠩ ᠲᠣᠭᠤᠷᠢᠭ ᠤᠨ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ ᠤᠨ ᠬᠠᠮᠢᠶ᠎ᠠ ᠪᠦᠬᠦᠢ ᠲᠥᠷᠥᠯ ᠵᠦᠢᠯ᠂ ᠱᠤᠸᠠᠩ ᠴᠢ ᠡᠮ ᠤᠨ ᠦᠢᠯᠡᠰ ᠤᠨ ᠠᠮᠢᠳᠤ ᠪᠣᠳᠠᠰ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠶᠦᠨ ᠭᠠᠩ ᠶᠡᠭᠡ ᠵᠡᠭᠡᠯᠢ᠂ ᠲᠢᠶᠠᠨ ᠬᠤᠸ ᠰᠢᠯ ᠰᠢᠷᠬᠡᠭ ᠤᠨ ᠨᠡᠶᠢᠯᠡᠮᠡᠯ ᠮᠠᠲ᠋ᠧᠷᠢᠶᠠᠯ ᠤᠨ ᠦᠢᠯᠡᠳᠬᠦᠨ ᠤ ᠲᠥᠷᠥᠯ ᠵᠦᠢᠯ ᠢ ᠲᠤᠬᠠᠢ ᠶᠢᠨ ᠲᠠᠯᠠᠪᠠᠢ ᠳᠤ ᠲᠤᠭᠤᠷᠢᠨ ᠦᠵᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1