ᠲᠣᠭᠲᠠᠬᠤ ᠰᠢᠶᠠᠨ᠄ ᠴᠢᠨᠠᠷ ᠰᠠᠶᠢᠲᠠᠢ ᠬᠦᠭᠵᠢᠯᠳᠡ ᠪᠠᠷ ᠬᠠᠷᠠᠯᠳᠠ ᠪᠠᠨ ᠪᠤᠯᠭᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠳᠠ ᠶᠢ ᠠᠬᠢᠭᠤᠯᠪᠠ
ᠨᠡᠶᠢᠲᠡᠯᠡᠭᠰᠡᠨ ᠴᠠᠭ᠄
2024/9/25
      2024 ᠣᠨ ᠠᠴᠠ ᠨᠠᠰᠢ᠂ ᠲᠣᠭᠲᠠᠬᠤ ᠰᠢᠶᠠᠨ ᠰᠠᠨᠠᠭᠠᠴᠢᠯᠠᠭ᠎ᠠ ᠠᠴᠠ ᠪᠠᠨ ᠬᠤᠶᠠᠷ ᠶᠡᠭᠡ ᠶᠠᠪᠤᠳᠠᠯ ᠳᠤ ᠬᠠᠨᠳᠤᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠡᠭᠡ ᠲᠠᠯ᠎ᠠ ᠶᠢ ᠠᠵᠢᠭᠯᠠᠵᠤ᠂ ᠣᠷᠣᠨ ᠪᠠᠶᠢᠷᠢ ᠶᠢ ᠮᠡᠳᠡᠵᠦ᠂ ᠬᠤᠶᠠᠳᠤᠭᠠᠷ ᠠᠵᠤ ᠦᠢᠯᠡᠰ ᠢ ᠠᠳᠬᠤᠬᠤ᠂ ᠬᠦᠷᠢᠶᠡᠯᠡᠩ ᠲᠣᠭᠤᠷᠢᠭ ᠢ ᠠᠳᠬᠤᠬᠤ᠂ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠴᠢᠩᠭᠠᠳᠬᠠᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠰᠡᠳᠬᠢᠴᠡ ᠪᠠ ᠠᠷᠭ᠎ᠠ ᠬᠡᠮᠵᠢᠶ᠎ᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠲᠣᠭᠲᠠᠬᠤ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 103.7 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 9.3%  ᠳᠤ ᠬᠦᠷᠴᠡᠢ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 33.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ‌‍ᠶᠢ 24.6% ᠪᠣᠯᠭᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 15.25 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 3% ᠳᠤ ᠬᠥᠷᠪᠡ᠃ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠰᠠᠭᠤᠷᠢᠨ ᠳᠡᠭᠡᠷ᠎ᠡ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠬᠤᠳᠠ ᠶᠢᠨ ᠳᠤᠮᠳᠠ ᠳᠡᠭᠡᠳᠦ ᠤᠷᠤᠰᠬᠠᠯ ᠳᠤ ᠬᠦᠷᠭᠡᠬᠦ ᠲᠣᠭᠲᠠᠭᠰᠠᠨ ᠬᠠᠷᠠᠯᠲᠠ ᠶᠢ ᠪᠡᠶᠡᠯᠡᠭᠦᠯᠵᠡᠢ᠃      ᠲᠣᠭᠲᠠᠬᠤ ᠰᠢᠶᠠᠨ ᠤ ᠬᠢᠨ ᠪᠦᠬᠦ ᠬᠤᠳᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢ ᠪᠠᠶᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠪᠠᠷ ᠴᠢᠭᠯᠡᠯ ᠪᠣᠯᠭᠠᠵᠤ᠂ ᠠᠮᠢᠳᠤ ᠪᠣᠳᠠᠰ ᠤᠨ ᠡᠮ ᠡᠮᠨᠡᠯᠭᠡ᠂ ᠠᠷᠢᠭᠤᠨ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ ᠵᠡᠷᠭᠡ ᠭᠤᠣᠯᠯᠠᠭᠴᠢ ᠠᠵᠤ ᠦᠢᠯᠡᠰ ᠢ ᠭᠤᠣᠯᠳᠠᠯᠭ᠎ᠠ ᠲᠠᠢ ᠪᠣᠶᠢᠵᠢᠭᠤᠯᠵᠤ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠨᠡᠭᠡᠭᠡᠵᠡᠢ᠃ ᠠᠮᠢᠳᠤ ᠪᠣᠳᠠᠰ ᠤᠨ ᠡᠮ ᠡᠮᠨᠡᠯᠭᠡ᠂ ᠴᠡᠪᠡᠷ ᠡᠨᠧᠷᠭᠢ ᠶᠢᠨ ᠠᠵᠤ ᠦᠢᠯᠡᠰ  ᠵᠡᠷᠭᠡ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠯ᠎ᠠ ᠪᠠᠷ ᠠᠩᠬ᠎ᠠ ᠠᠯᠬᠤᠮ ᠤᠨ ᠬᠡᠪᠴᠢᠶ᠎ᠡ ᠲᠠᠢ ᠠᠵᠤ ᠠᠬᠤᠶᠢᠯᠠᠯ ᠲᠠᠢ ᠪᠣᠯᠵᠤ᠂  ᠬᠦᠭᠵᠢᠯᠳᠡ ᠶᠢᠨ ᠬᠠᠨᠳᠤᠰᠢ ᠰᠠᠶᠢᠨ ᠪᠠᠶᠢᠨ᠎ᠠ᠃      ᠲᠣᠭᠲᠠᠬᠤ ᠰᠢᠶᠠᠨ ᠤ ᠬᠢᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠤᠨ ︽ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠲᠠᠷᠢᠶᠠᠴᠢᠨ︾  ᠤ ᠠᠵᠢᠯ ᠤᠨ ᠶᠡᠷᠦᠩᠬᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ᠂ ᠵᠣᠯᠭᠠᠯᠴᠠᠭ᠎ᠠ ᠶᠢ ᠪᠠᠬᠢᠵᠢᠭᠦᠯᠬᠦ᠂ ᠰᠦᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠡᠢ᠃ 2024 ᠣᠨ  ᠠᠴᠠ ᠨᠠᠰᠢ᠂ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ 112.47 ᠲᠦᠮᠡᠨ ᠮᠦ ᠳᠤ ᠬᠦᠷᠴᠦ᠂ ᠡᠭᠦᠨ ᠤ ᠳᠣᠲᠣᠷ᠎ᠠ ᠠᠮᠤ ᠪᠤᠳᠠᠭᠠᠨ ᠤ ᠲᠠᠷᠢᠮᠠᠯ 97.52  ᠲᠦᠮᠡᠨ ᠮᠦ᠂ ᠠᠵᠤ ᠠᠬᠤᠢ ᠶᠢᠨ ᠲᠠᠷᠢᠮᠠᠯ 11.77 ᠲᠦᠮᠡᠨ ᠮᠦ᠂ ᠪᠤᠰᠤᠳ ᠲᠠᠷᠢᠮᠠᠯ 3.18 ᠲᠦᠮᠡᠨ ᠮᠦ ᠳᠤ ᠬᠦᠷᠴᠦ᠂ ᠲᠠᠷᠢᠮᠠᠯ ᠤᠨ ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠬᠡᠷᠡᠭᠯᠡᠨ᠂ ᠥᠪᠥᠷ ᠮᠣᠩᠭᠤᠯ‌‍ᠤᠨ ᠭᠠᠵᠠᠷ ᠰᠢᠷᠣᠢ ᠶᠢᠨ ᠡᠬᠢ ᠪᠠᠶᠠᠯᠢᠭ ᠢ ᠬᠤᠳᠠᠯᠳᠤᠨ ᠠᠪᠴᠤ ᠨᠥᠭᠡᠴᠡᠯᠡᠬᠦ ᠪᠡᠯᠡ ᠣᠷᠣᠭᠤᠯᠤᠯᠲᠠ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠯᠤᠭ᠎ᠠ ᠬᠠᠮᠲᠤᠷᠠᠯᠴᠠᠵᠤ᠂ ᠲᠠᠷᠢᠶᠠᠨ ᠭᠠᠵᠠᠷ ᠤᠨ ᠨᠥᠭᠡᠴᠡᠯᠡᠬᠦ ᠬᠥᠮᠥᠷᠭᠡ‌‍ᠶᠢᠨ ᠲᠥᠷᠥᠯ ᠵᠦᠢᠯ ᠢ 1.2 ᠲᠦᠮᠡᠨ ᠮᠦ ᠰᠢᠨ᠎ᠡ ᠪᠠᠷ ᠪᠠᠶᠢᠭᠤᠯᠪᠠ᠃ ᠪᠠᠶᠢᠭᠤᠯᠵᠤ ᠪᠠᠶᠢᠭ᠎ᠠ 3 ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠲᠣᠭᠲᠠᠭᠤᠨ ᠢᠶᠠᠷ ᠠᠬᠢᠭᠤᠯᠪᠠ᠃ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠡᠷᠭᠡ ᠪᠠᠷ ᠴᠢᠩᠭᠠᠳᠬᠠᠵᠤ  ᠂ ᠨᠣᠭᠤᠭᠠᠨ ᠳᠠᠷᠤᠰᠢ ᠶᠢᠨ ᠡᠷᠳᠡᠨᠢ ᠰᠢᠰᠢ 26 ᠲᠦᠮᠡᠨ ᠮᠦ᠂ ᠴᠠᠷᠭᠠᠰᠤ 1.93 ᠲᠦᠮᠡᠨ ᠮᠦ᠂ ᠨᠣᠬᠠᠢ ᠶᠢᠨ ᠬᠤᠰᠢᠭᠤ ᠶᠢᠨ ᠡᠪᠡᠰᠦ 470 ᠮᠦ ᠳᠠᠷᠢᠵᠤ᠂ ᠪᠥᠬᠦ ᠬᠤᠲᠠ ᠶᠢᠨ ︽ᠨᠢᠭᠡ ᠰᠠᠭᠤᠷᠢ ᠡᠪᠡᠰᠦ︾ ᠠᠴᠠ ︽ᠨᠢᠭᠡ ᠴᠣᠮᠣ ᠰᠦ︾ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠳᠤ ᠬᠤᠪᠢ ᠨᠡᠮᠡᠷᠢ  ᠦᠵᠡᠭᠦᠯᠪᠡ᠃        2024 ᠣᠨ ᠳᠤ᠂ ᠲᠣᠭᠲᠠᠬᠤ ᠰᠢᠶᠠᠨ ᠾᠧ ᠺᠸᠦ ᠵᠤᠭᠠᠴᠠᠯ ᠠᠮᠠᠷᠠᠯᠲᠠ ᠶᠢᠨ ᠣᠷᠣᠨ ᠢ ᠪᠦᠬᠦ ᠲᠠᠯ᠎ᠠ ᠪᠠᠷ ᠡᠬᠢᠯᠡᠨ ᠪᠦᠲᠦᠭᠡᠨ ᠪᠠᠶᠢᠭᠤᠯᠵᠤ᠂ ᠳ᠋ᠦᠩ ᠱᠧᠩ ᠸᠧᠢ ᠡᠷᠲᠡᠨ ᠤ ᠬᠤᠲᠠ᠂ ᠨᠠᠨ ᠬᠤ᠋ ᠨᠠᠭᠤᠷ᠂ ᠱᠧᠨ ᠴᠢᠤᠸᠠᠨ᠂ ᠬᠠᠳᠤᠨ ᠭᠤᠣᠯ ᠵᠡᠷᠭᠡ 4 ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠰᠢᠨ᠎ᠡ ᠪᠠᠷ ᠣᠷᠣᠭᠤᠯᠤᠨ ᠠᠪᠴᠢᠷᠠᠭᠰᠠᠨ ᠶᠡᠷᠦᠩᠬᠡᠢ ᠪᠡᠯᠡ ᠣᠷᠣᠭᠤᠯᠤᠯᠲᠠ ᠨᠢ 8.6 ᠳ᠋ᠦᠩᠰᠢᠭᠤᠷ ᠲᠥᠭᠦᠷᠢᠭ ᠤᠨ ᠬᠤᠩ ᠳ᠋ᠧ ᠰᠤᠶᠤᠯ ᠵᠤᠭᠠᠴᠠᠯ᠂ ᠬᠠᠶᠢᠯᠠᠰᠤᠨ ᠪᠤᠯᠠᠭ ᠰᠣᠶᠣᠯ ᠤᠨ ᠴᠡᠴᠡᠷᠯᠢᠭ᠂ ᠷᠦᠢ ᠸᠧ ᠠᠷᠢᠬᠢᠨ ᠦᠢᠯᠡᠰ ᠵᠡᠷᠭᠡ ᠲᠦᠷᠦᠯ ᠵᠦᠢᠯ ᠤᠨ ᠲᠣᠭᠤᠷᠢᠨ ᠳᠤ ᠨᠢᠭᠡᠨᠲᠡ ᠪᠦᠬᠦᠨ ᠢᠶᠠᠷ ᠢᠶᠠᠨ ᠪᠠᠷᠢᠯᠭ᠎ᠠ ᠡᠬᠢᠯᠡᠭᠦᠯᠵᠡᠢ᠃ ᠡᠭᠦᠨ ᠤ ᠬᠠᠮᠲᠤ᠂ 2.3 ᠺᠢᠯᠣᠮᠧᠲᠷ ᠤᠨ ᠪᠥᠬᠦ ᠣᠷᠳᠣ ᠲᠠᠢ ᠬᠠᠶᠢᠯᠠᠰᠤᠨ ᠪᠤᠯᠠᠭ ᠵᠠᠮ ᠢ ᠰᠢᠨ᠎ᠡ ᠪᠠᠷ ᠪᠠᠶᠢᠭᠤᠯᠵᠤ᠂ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ᠂ ᠬᠤᠲᠠ ᠶᠢᠨ ᠲᠣᠭᠤᠷᠢᠭ ᠤᠨ ︽ᠭᠤᠷᠪᠠᠨ ᠲᠣᠭᠤᠷᠢᠭ ᠤᠨ ᠰᠠᠭᠠᠳ ᠦᠭᠡᠢ ᠬᠤᠯᠪᠣᠭᠠᠯᠠᠬᠤ︾ ᠪᠠᠶᠢᠷᠢᠰᠢᠯ ᠢ  ᠲᠡᠭᠦᠯᠳᠡᠷᠵᠢᠭᠦᠯᠪᠡ︔ ᠱᠧᠨ ᠴᠢᠤᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠢ ᠥᠭᠡᠷᠡᠴᠢᠯᠡᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠨᠠᠨ ᠬᠤ᠋ ᠨᠠᠭᠤᠷ ᠤᠨ ᠲᠦᠷᠦᠯ ᠵᠦᠢᠯ ᠤᠨ ᠨᠡᠭᠡᠭᠡᠨ ᠬᠥᠭᠵᠢᠭᠦᠯᠦᠯᠲᠡ ᠶᠢ ᠬᠠᠲᠤᠨ ᠭᠤᠣᠯ ᠤᠨ ᠠᠮᠢ ᠠᠬᠤᠢ ᠶᠢᠨ ᠬᠤᠩᠭᠢᠯ ᠤᠨ ᠵᠢᠱᠢᠶ᠎ᠡ ᠦᠵᠡᠭᠦᠯᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠲᠤᠨ ᠭᠤᠣᠯ ᠳᠠᠭᠠᠤ ᠶᠢᠨ ᠶᠠᠪᠠᠭᠠᠨ ᠵᠠᠮ ᠢ 35 ᠺᠢᠯᠣᠮᠧᠲᠷ ᠰᠢᠨ᠎ᠡ ᠪᠠᠷ ᠪᠠᠶᠢᠭᠤᠯᠵᠤ᠂ ᠪᠡᠶ᠎ᠡ ᠶᠢᠨ ᠲᠠᠮᠢᠷ᠂ ᠰᠡᠯᠡᠭᠦᠴᠡᠯ᠂ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠥᠬᠦ ᠬᠦᠴᠦᠨ‌‍ᠢᠶ᠋ᠡᠷ ᠢᠶᠠᠨ ᠬᠦᠭᠵᠢᠭᠦᠯᠪᠡ᠃ 2024 ᠣᠨ ᠳᠤ᠂ ᠪᠥᠬᠦ ᠰᠢᠶᠠᠨ ᠤ ᠭᠥᠯᠢᠶᠡᠨ ᠠᠪᠤᠭᠰᠠᠨ ᠵᠢᠭᠤᠯᠴᠢᠯᠠᠯ ᠤᠨ ᠬᠥᠮᠥᠨ ᠤ ᠲᠤᠭ᠎ᠠ ᠨᠡᠶᠢᠲᠡ 50 ᠲᠦᠮᠡᠨ ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ ᠶᠢ 5028 ᠲᠦᠮᠡᠨ ᠲᠥᠭᠦᠷᠢᠭ ᠪᠡᠶᠡᠯᠡᠭᠦᠯᠵᠦ᠂ ᠵᠢᠭᠤᠯᠴᠢᠯᠠᠯ ᠤᠨ ᠬᠥᠮᠥᠨ ᠤ ᠲᠤᠭ᠎ᠠ᠂ ᠣᠷᠣᠯᠭ᠎ᠠ ᠶᠢᠨ ᠬᠤᠣᠰ ᠨᠡᠮᠡᠭᠳᠡᠯ ᠢ ᠪᠡᠶᠡᠯᠡᠭᠦᠯᠪᠡ᠃      ᠲᠣᠭᠲᠠᠬᠤ ᠰᠢᠶᠠᠨ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠬᠢᠯᠡᠵᠦ᠂ ᠢᠦᠢ ᠴᠢᠦᠸᠠᠨ ᠲᠣᠭᠤᠷᠢᠭ ᠯᠤᠭ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠯᠢᠳᠡᠭ ᠢ ᠡᠭᠦᠳᠬᠦ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠳᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠪᠣᠯᠣᠨ ᠰᠢᠨ᠎ᠡ ᠬᠤᠳᠠ ᠶᠢᠨ ᠲᠣᠭᠤᠷᠢᠭ ᠤᠨ ᠰᠤᠷᠭᠠᠭᠤᠯᠢ ᠶᠢ ᠬᠤᠣᠰᠯᠠᠭᠤᠯᠤᠨ ᠬᠠᠪᠰᠤᠷᠤᠨ ᠲᠡᠳᠬᠦᠬᠦ ᠶᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ 27 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠤᠯᠪᠣᠭᠳᠠᠵᠤ᠂ 14 ᠰᠤᠷᠭᠠᠭᠤᠯᠢ ᠶᠢ ᠥᠭᠡᠷᠡᠴᠢᠯᠡᠨ ᠪᠠᠶᠢᠭᠤᠯᠵᠤ᠂ 5 ᠰᠤᠷᠭᠠᠭᠤᠯᠢ ᠶᠢ ᠰᠢᠯᠭᠠᠨ ᠠᠪᠬᠤ ᠳᠤ ᠬᠢᠷᠢ ᠲᠡᠩᠴᠡᠵᠦ᠂ ᠲᠠᠩ ᠴᠣᠭᠴᠠᠲᠤ ᠠᠰᠠᠷ ᠤᠨ ᠪᠡᠶᠡᠯᠡᠭᠦᠯᠦᠭᠰᠡᠨ ᠬᠡᠮᠵᠢᠶ᠎ᠡ ᠪᠠᠷ ᠪᠦᠬᠦ ᠬᠤᠳᠠ ᠶᠢᠨ ᠨᠢᠭᠡᠳᠦᠭᠡᠷ ᠲᠤ ᠵᠢᠭᠰᠠᠭᠠᠭᠳᠠᠪᠠ᠃ ᠨᠠᠰᠤᠵᠢᠯ ᠤᠨ ᠦᠢᠯᠡᠴᠢᠯᠡᠭᠡᠨ ᠤ ︽ᠵᠢᠱᠢᠶ᠎ᠡ ᠦᠵᠡᠭᠦᠯᠬᠦ ᠣᠷᠣᠨ︾ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ 152 ᠡᠷᠦᠬᠡ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠪᠡᠶᠡᠯᠡᠭᠦᠯᠵᠦ᠂ 4 ᠬᠠᠭᠤᠴᠢᠨ ᠬᠤᠭᠤᠯᠠᠨ ᠲᠢᠩᠬᠢᠮ ᠢ ᠪᠦᠲᠦᠭᠡᠨ ᠪᠠᠶᠢᠭᠤᠯᠵᠤ ᠳᠠᠭᠤᠰᠬᠠᠨ᠂ ᠲᠣᠰᠬᠤᠨ ᠤ ᠱᠠᠲᠤᠨ ᠤ ᠬᠤᠶᠠᠷ ᠨᠠᠰᠤᠵᠢᠯ ᠤᠨ ᠥᠷᠲᠡᠭᠡ᠂ 3 ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ ᠢ ᠠᠵᠢᠯ ᠡᠬᠢᠯᠡᠭᠦᠯᠦᠨ ᠥᠭᠡᠷᠡᠴᠢᠯᠡᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠶᠡᠷᠦᠩᠬᠡᠶᠢᠯᠡᠭᠰᠡᠨ ᠠᠰᠠᠷ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠲᠣᠭᠲᠠᠬᠤ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠰᠠᠯᠠᠭ᠎ᠠ ᠶᠢ ᠡᠬᠢᠯᠡᠨ ᠪᠠᠶᠢᠭᠤᠯᠵᠤ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ 14 ᠵᠢᠯ ᠳᠠᠷᠠᠭᠠᠯᠠᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ᠂ ᠪᠥᠬᠦ ᠰᠢᠶᠠᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠰᠢᠨ᠎ᠡ ᠠᠶᠠᠨ ᠵᠠᠮ ᠳᠤ᠂ ᠲᠣᠭᠲᠠᠬᠤ ᠰᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠡᠭᠦᠷᠭᠡᠯᠡᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠯᠬᠤᠮ ᠢ ᠠᠯᠬᠤᠬᠤ ᠶᠢ ᠬᠦᠴᠦᠯᠡᠨ ᠠᠬᠢᠭᠤᠯᠬᠤ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1