9 ᠳ᠋ᠤᠭᠡᠷ ᠰᠠᠷ᠎ᠠ ᠳᠤ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ | ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 6495.22 | ᠲᠦᠮᠡᠨ ᠲᠥᠭᠦᠷᠢᠭ ᠲᠠᠷᠬᠠᠭᠠᠵᠤ᠂ 76046 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ ᠡᠷᠳᠡᠨᠢ | ᠰᠢᠰᠢ ᠶᠢᠨ ᠦᠢᠯᠡᠳᠪᠦᠷᠢᠯᠡᠭᠴᠢᠳ ᠲᠤ 0.68 ᠲᠦᠮᠡᠨ ᠲᠥᠭᠦᠷᠢᠭ ᠤᠨ ᠨᠥᠬᠦᠪᠦᠷᠢ ᠥᠭᠴᠦ᠂ 5 ᠬᠥᠮᠥᠨ | ᠤᠳᠠᠭ᠎ᠠ ᠳᠤ ᠠᠰᠢᠭ ᠬᠦᠷᠲᠡᠭᠡᠪᠡ︔ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠦᠷᠢ 44.41 ᠲᠦᠮᠡᠨ | ᠲᠥᠭᠦᠷᠢᠭ ᠪᠠᠶᠢᠵᠤ᠂ 681 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠲᠠᠷᠢᠶᠠᠨ ᠭᠠᠵᠠᠷ ᠤᠨ ᠬᠦᠴᠦᠨ ᠤ | ᠬᠠᠮᠠᠭᠠᠯᠠᠯᠲᠠ ᠶᠢᠨ ᠨᠥᠬᠦᠪᠦᠷᠢ ᠨᠢ6144.86 ᠲᠦᠮᠡᠨ ᠲᠥᠭᠦᠷᠢᠭ ᠲᠤ ᠬᠦᠷᠴᠦ᠂ 74941 ᠬᠥᠮᠥᠨ | ᠤᠳᠠᠭ᠎ᠠ ᠳᠤ ᠠᠰᠢᠭ ᠬᠦᠷᠲᠡᠭᠡᠪᠡ︔ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ 305.23 | ᠲᠦᠮᠡᠨ ᠲᠥᠭᠦᠷᠢᠭᠦᠨ ᠨᠥᠬᠦᠪᠦᠷᠢ ᠥᠭᠴᠦ᠂ 418 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠰᠢᠷ᠎ᠠ | ᠪᠤᠷᠴᠠᠭ ᠦᠢᠯᠡᠳᠪᠦᠷᠢᠯᠡᠭᠴᠢᠳ ᠲᠤ 0.03 ᠲᠦᠮᠡᠨ ᠲᠥᠭᠦᠷᠢᠭ ᠤᠨ ᠨᠥᠬᠦᠪᠦᠷᠢ ᠥᠭᠴᠦ᠂ 1 ᠬᠥᠮᠥᠨ ᠳᠤ | ᠠᠰᠢᠭ ᠬᠦᠷᠲᠡᠭᠡᠪᠡ᠃ | ᠳᠠᠷᠠᠭ᠎ᠠ ᠰᠠᠷ᠎ᠠ ᠳᠤ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠤᠨ | ᠨᠥᠬᠦᠪᠦᠷᠢ ᠶᠢᠨ ᠪᠡᠯᠡ ᠮᠥᠩᠭᠦ ᠶᠢ ᠠᠮᠤᠷ ᠲᠦᠪᠰᠢᠨ᠂ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠬᠤᠳᠠ | ᠬᠥᠳᠡᠭᠡ ᠶᠢᠨ ᠰᠠᠭᠤᠭᠠᠯᠢ ᠠᠷᠠᠳ ᠪᠣᠯᠣᠨ ᠮᠠᠯᠴᠢᠨ ᠲᠠᠷᠢᠶᠠᠴᠢᠨ ᠳᠤ ᠣᠯᠭᠤᠬᠤ ᠶᠢ ᠪᠠᠲᠤᠯᠠᠵᠤ᠂ ᠠᠷᠠᠳ ᠤᠯᠠᠨ ᠤ | ᠵᠣᠯ ᠵᠢᠷᠭᠠᠯᠳᠦ ᠲᠥᠷᠥᠭᠳᠡᠯ᠂ ᠬᠠᠨᠤᠮᠵᠢ ᠶᠢᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ | ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ | |